ᠦᠨᠳᠦᠰᠦᠲᠡᠨ ᠤ ᠮᠦᠽᠸᠢ

  ᠦᠨᠳᠦᠰᠦᠲᠡᠨ ᠤ ᠮᠦᠽᠸᠢ ᠶᠢᠨ ᠲᠤᠪᠴᠢ ᠲᠠᠨᠢᠯᠴᠠᠭᠤᠯᠭ᠎ᠠ

 

      ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠤᠯᠤᠰ ᠤᠨ《211ᠢᠨᠵᠧᠨᠧᠷᠢᠩ》 ‍ᠣᠨ‌‍ᠪᠦ᠋ᠲᠦᠭᠡᠨ ᠪᠠᠶᠢᠭᠤᠯᠤᠯᠲᠠ ᠶᠢᠨ ᠰᠡᠳᠤᠪ ᠪᠤᠯᠬᠤ 《ᠦᠨᠳᠦᠰᠦᠲᠡᠨ  ᠤ ᠮᠦᠽᠸᠢ》 2004 ᠣᠨ ᠤ 8 ᠰᠠᠷ᠎ᠠ ᠳᠤ ᠪᠠᠶᠢᠭᠤᠯᠤᠭᠳᠠᠪᠠ᠃ ᠲᠤᠰ ᠮᠦᠽᠸᠢ ᠨᠢ《ᠮᠣᠩᠭᠤᠯ ᠦᠨᠳᠦᠰᠦᠲᠡᠨ ᠤ ᠤᠳᠤᠮᠰᠢᠯᠲᠤ ᠪᠤᠳᠠᠰ ᠤᠨ ᠰᠣᠶᠣᠯ ᠤᠨ ᠦᠪ ᠢ ᠬᠠᠳᠠᠭᠠᠯᠠᠵᠤ ᠬᠠᠮᠠᠭᠠᠯᠠᠨ᠂ ᠳᠡᠯᠭᠡᠨ ᠦᠵᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠳᠤ ᠦᠢᠯᠡᠴᠢᠯᠡᠬᠦ》 ᠪᠠᠷ ᠭᠤᠣᠯ ᠵᠣᠷᠢᠯᠲᠠ ᠪᠠᠨ ᠪᠤᠯᠭᠠᠵᠤ᠂ ᠦᠷᠭᠡᠨ ᠳᠡᠯᠭᠡᠷ ᠬᠠᠷᠠᠭᠠᠰᠤ ᠳᠡᠭᠳᠡᠷᠯᠢᠭ ᠠᠴᠠ ᠮᠣᠩᠭᠤᠯ ᠦᠨᠳᠦᠰᠦᠲᠡᠨ ᠤ ᠲᠡᠦᠬᠡ ᠰᠤᠶᠤᠯ  ᠢ ᠬᠠᠷᠠᠭᠤᠯᠤᠨ᠎ᠠ᠃

       ᠦᠪᠦᠷ ᠮᠣᠩᠭᠤᠯ ᠤᠨ ᠶᠡᠭᠡ ᠰᠤᠷᠭᠠᠭᠤᠯᠢ  ᠶᠢᠨ ᠦᠨᠳᠦᠰᠦᠲᠡᠨ ᠤ ᠮᠦᠽᠸᠢ᠂ ᠮᠣᠩᠭᠤᠯ ᠦᠨᠳᠦᠰᠦᠲᠡᠨ ᠤ ᠵᠠᠩ ᠦᠢᠯᠡ ᠶᠢᠨ ᠪᠤᠳᠠᠲᠠᠢ ᠪᠤᠳᠠᠰ ᠤᠳ ᠢ ᠪᠦᠬᠦ ᠲᠠᠯ᠎ᠠ ᠪᠠᠷ᠂ ᠰᠢᠰᠲ᠋ᠧᠮ ᠲᠠᠢ ᠪᠠᠷ ᠬᠠᠳᠠᠭᠠᠯᠠᠬᠤ ᠪᠠ ᠳᠡᠯᠭᠡᠨ ᠦᠵᠡᠭᠦᠯᠬᠦ ᠪᠠᠷ ᠥᠪᠡᠷ ᠤᠨ ᠣᠨᠴᠠᠯᠢᠭ ᠢᠶᠠᠨ ᠪᠤᠯᠭᠠᠪᠠ᠃ ᠦᠵᠡᠭᠦᠯᠦᠯᠭᠡ ᠨᠢ ᠮᠣᠩᠭᠤᠯ ᠦᠨᠳᠦᠰᠦᠲᠡᠨ ᠤ ᠤᠯᠤᠰ ᠲᠦᠷᠦ᠂ ᠠᠵᠤ ᠠᠬᠤᠢ᠂ ᠦᠢᠯᠡᠳᠪᠤᠷᠢᠯᠡᠯ ᠠᠮᠢᠳᠤᠷᠠᠯ᠂ ᠰᠣᠶᠣᠯ ᠤᠷᠠᠯᠢᠭ᠂ ᠱᠠᠰᠢᠨ ᠰᠢᠲᠦᠯᠭᠡ ᠵᠡᠷᠭᠡ ᠣᠯᠠᠨ ᠬᠦᠷᠢᠶ᠎ᠡ ᠬᠡᠪᠴᠢᠶᠡᠨ ᠳᠤ ᠬᠤᠯᠪᠤᠭᠳᠠᠵᠤ᠂ ᠳᠡᠭᠡᠳᠦ ᠬᠡᠮᠵᠢᠶᠠᠨ ᠤ ᠡᠷᠳᠡᠮ ᠰᠢᠨᠵᠢᠯᠡᠭᠡᠨ᠂ ᠵᠢᠭᠠᠨ ᠰᠤᠷᠭᠠᠯᠲᠠ ᠵᠢᠴᠢ ᠤᠷᠠᠯᠢᠭ ᠰᠤᠨᠢᠷᠬᠠᠯ ᠤᠨ ᠦᠷᠳᠡᠭ ᠲᠠᠢ ᠶᠤᠮ᠃ ᠤᠨᠴᠠᠭᠠᠶᠢᠯᠠᠨ ᠨᠡᠶᠢᠭᠡᠮ ᠤᠨ ᠠᠮᠢᠳᠤᠷᠠᠯ ᠡᠳᠦᠷ ᠢᠷᠡᠬᠦᠶ᠎ᠡ ᠤᠳᠤᠬᠢᠴᠢᠯᠠᠬᠤ  ᠶᠢ ᠳᠠᠭᠠᠯᠳᠤᠨ᠂ ᠤᠳᠤᠮᠰᠢᠯᠲᠤ ᠵᠠᠩ ᠦᠢᠯᠡ ᠶᠢᠨ ᠪᠤᠳᠠᠰ ᠤᠳ ᠪᠢᠳᠠᠨ ᠤ ᠠᠮᠢᠳᠤᠷᠠᠯ ᠠᠴᠠ ᠠᠭᠠᠵᠢᠮ ᠢᠶᠠᠷ ᠵᠠᠶᠢᠳᠠᠵᠤ ᠪᠠᠶᠢᠭ᠎ᠠ ᠥᠨᠥᠳᠥᠷ ᠨᠡᠩ ᠴᠤ ᠴᠤᠬᠠᠭ ᠨᠠᠨᠳᠢᠨ ᠪᠤᠯᠵᠤ ᠪᠠᠶᠢᠨ᠎ᠠ᠃ ᠣᠨ ᠵᠢᠯ ᠤᠨ ᠣᠷᠴᠢᠯ ᠬᠤᠪᠢᠷᠠᠯ ᠢ ᠲᠤᠭᠤᠯᠤᠭᠰᠠᠨ ᠳᠤᠷᠠᠰᠬᠠᠯᠲᠤ ᠪᠣᠳᠠᠰ ᠨᠢᠭᠡᠪᠦᠷᠢ ᠨᠢ ᠲᠣᠭᠤᠷᠢᠨ ᠦᠵᠡᠭᠴᠢᠳ ᠲᠤ ᠮᠣᠷᠢᠲᠠᠨ ᠦᠨᠳᠦᠰᠦᠲᠡᠨ ᠤ ᠥᠴᠥᠭᠡᠳᠦᠷ ᠤᠨ ᠦᠢᠯᠡᠳᠪᠦᠷᠢᠯᠡᠯ᠂ ᠠᠮᠢᠳᠤᠷᠠᠯ ᠤᠨ ᠲᠡᠦᠬᠡᠨ ᠵᠢᠷᠤᠭ ᠢ ᠳᠡᠯᠭᠡᠨ ᠦᠵᠡᠭᠦᠯᠵᠦ᠂ ᠥᠷᠭᠡᠨ ᠠᠭᠤᠳᠠᠮ ᠲᠠᠯ᠎ᠠ ᠨᠤᠲᠤᠭ ᠤᠨ ᠦᠯᠢᠭᠡᠷ ᠳᠣᠮᠤᠭ ᠤᠳ ᠠᠴᠠ ᠥᠭᠦᠯᠡᠨ ᠰᠣᠨᠢᠷᠬᠠᠭᠤᠯᠬᠤ ᠪᠣᠯᠣᠨ᠎ᠠ᠃

      ᠦᠨᠳᠦᠰᠦᠲᠡᠨ ᠤ ᠮᠦᠽᠸᠢ ᠨᠢ ᠰᠤᠷᠭᠠᠭᠤᠯᠢ  ᠠᠴᠠ ᠰᠤᠷᠤᠭᠴᠢᠳ ᠲᠤ ᠤᠯᠤᠰ ᠢᠶᠠᠨ ᠬᠠᠶᠢᠷᠠᠯᠠᠬᠤ ᠬᠦᠮᠦᠵᠢᠯ ᠬᠢᠭᠡᠳ ᠤᠤᠷ ᠴᠢᠨᠠᠷ ᠤᠨ ᠬᠦᠮᠦᠵᠢᠯ  ᠬᠢᠬᠦ ᠰᠠᠭᠤᠷᠢᠨ ᠭᠠᠵᠠᠷ ᠪᠤᠯᠤᠨ᠎ᠠ᠃ ᠮᠦᠨ ᠴᠤ ᠭᠠᠳᠠᠨᠠᠬᠢ ᠬᠦᠮᠦᠰ ᠲᠤ ᠮᠣᠩᠭᠤᠯ ᠦᠨᠳᠦᠰᠦᠲᠡᠨ ᠤ ᠲᠡᠦᠬᠡ ᠰᠤᠶᠤᠯ  ᠢᠶᠠᠨ ᠣᠶᠢᠯᠠᠭᠠᠭᠤᠯᠬᠤ ᠴᠤᠩᠬᠤ ᠪᠠᠶᠢᠵᠤ᠂ ᠨᠡᠶᠢᠬᠡᠮ ᠨᠡᠶᠢᠲᠡ  ᠳᠤ ᠦᠨ᠎ᠡ ᠲᠦᠯᠦᠪᠦᠷᠢ ᠦᠭᠡᠢ ᠪᠠᠷ ᠨᠡᠭᠡᠭᠡᠨ ᠦᠵᠡᠭᠦᠯᠦᠨ᠎ᠡ᠃ ᠮᠦᠽᠸᠢ ᠪᠠᠶᠢᠭᠤᠯᠤᠭᠳᠠᠭᠰᠠᠨ ᠠᠴᠠ ᠨᠠᠰᠢ ᠥᠪᠡᠷ ᠤᠨ ᠣᠨᠴᠠᠯᠢᠭ ᠪᠦᠬᠦᠢ ᠦᠵᠡᠭᠦᠯᠦᠯᠭᠡ  ᠶᠢᠨ ᠠᠭᠤᠯᠭ᠎ᠠ ᠬᠢᠭᠡᠳ ᠳᠡᠯᠭᠡᠨ ᠦᠵᠡᠭᠦᠯᠦᠯᠭᠡ  ᠶᠢᠨ ᠬᠡᠪ ᠮᠠᠶ᠋ᠢᠭ ᠢᠶᠠᠷ ᠢᠶᠠᠨ ᠨᠡᠶᠢᠬᠡᠮ ᠤᠨ ᠰᠠᠶᠢᠨ ᠦᠨᠡᠯᠡᠯᠲᠠ ᠶᠢ ᠣᠯᠵᠠᠢ᠃ 2008 ᠣᠨ ᠤ 12 ᠰᠠᠷ᠎ᠠ ᠳᠤ ᠦᠨᠳᠦᠰᠦᠲᠡᠨ ᠤ ᠮᠦᠽᠸᠢ ᠨᠢ ᠦᠪᠡᠷᠲᠡᠭᠡᠨ ᠵᠠᠰᠠᠬᠤ ᠤᠷᠤᠨ ᠤ 《ᠤᠯᠤᠰ ᠢᠶᠠᠨ ᠬᠠᠶᠢᠷᠠᠯᠠᠬᠤ ᠰᠠᠭᠤᠷᠢᠨ ᠭᠠᠵᠠᠷ》 ᠬᠡᠮᠡᠨ ᠰᠤᠩᠭᠤᠭᠳᠠᠪᠠ᠃

      ᠮᠦᠽᠸᠢ ᠭᠤᠷᠪᠠᠨ ᠳᠠᠪᠬᠤᠷᠯᠢᠭ ᠲᠠᠢ᠃ ᠨᠢᠭᠡᠳᠦᠭᠡᠷ ᠳᠠᠪᠬᠤᠷᠯᠢᠭ 《ᠮᠣᠩᠭᠤᠯ ᠬᠦᠮᠦᠨ ᠲᠠᠯ᠎ᠠ ᠲᠠᠢ ᠪᠠᠨ》 ᠨᠢ ᠬᠠᠭᠤᠴᠢᠨ ᠮᠣᠩᠭᠤᠯ ᠭᠡᠷ᠂ ᠬᠠᠰᠠᠭ ᠲᠡᠷᠭᠡ ᠵᠡᠷᠭᠡ ᠲᠣᠮᠤ ᠮᠠᠶ᠋ᠢᠭ ᠤᠨ ᠦᠢᠯᠡᠳᠪᠦᠷᠢᠯᠡᠯ ᠠᠮᠢᠳᠤᠷᠠᠯ ᠤᠨ ᠪᠠᠭᠠᠵᠢ ᠭᠡᠷᠡᠭᠰᠡᠯ ᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠵᠢᠷ ᠤᠨ ᠮᠠᠯᠴᠢᠨ ᠠᠶᠢᠯ ᠤᠨ ᠡᠳᠦᠷ ᠳᠣᠲᠤᠮ ᠤᠨ ᠦᠢᠯᠡᠳᠪᠤᠷᠢᠯᠠᠯ ᠠᠮᠢᠳᠤᠷᠠᠯ ᠤᠨ ᠪᠤᠳᠠᠲᠤ ᠪᠠᠶᠢᠳᠠᠯ  ᠢ ᠲᠤᠰᠬᠠᠨ ᠦᠵᠡᠭᠦᠯᠵᠠᠢ᠃ ᠲᠠᠯ᠎ᠠ ᠨᠤᠲᠤᠭ ᠤᠨ ᠦᠵᠡᠮᠵᠢ ᠪᠦᠬᠦᠢ ᠠᠷᠤ ᠦᠵᠡᠭᠳᠡᠯ ᠤᠨ ᠭᠡᠷᠡᠮ ᠨᠢ ᠦᠵᠡᠭᠦᠯᠦᠯᠭᠡ ᠶᠢᠨ ᠵᠦᠢᠯᠡᠰ ᠲᠠᠢ ᠪᠠᠨ ᠠᠭᠤᠰᠤᠨ ᠨᠡᠶᠢᠯᠡᠵᠤ᠂ ᠦᠵᠡᠭᠴᠢᠳ ᠲᠤ ᠲᠠᠪᠤᠨ ᠬᠤᠰᠢᠭᠤ ᠮᠠᠯ ᠲᠠᠯ᠎ᠠ ᠳᠦᠭᠦᠷᠡᠩ ᠪᠡᠯᠴᠢᠭᠰᠡᠨ ᠲᠠᠯ᠎ᠠ ᠨᠤᠲᠤᠭ ᠤᠨ ᠲᠠᠩᠰᠤᠭ ᠦᠵᠡᠮᠵᠢ ᠶᠢ ᠰᠠᠨᠠᠭᠳᠠᠭᠤᠯᠤᠨ᠎ᠠ᠃

      ᠬᠤᠶᠠᠳᠤᠭᠠᠷ ᠳᠠᠪᠬᠤᠷᠯᠢᠭ  《ᠮᠣᠩᠭᠤᠯ ᠮᠣᠷᠢ ᠡᠵᠡᠨ ᠲᠠᠢ ᠪᠠᠨ》 ᠨᠢ ᠮᠦᠽᠸᠢ ᠶᠢᠨ ᠭᠤᠤᠯ ᠦᠵᠡᠭᠦᠯᠦᠯᠭᠡ ᠶᠢᠨ ᠲᠢᠩᠬᠢᠮ ᠪᠤᠯᠤᠨ᠎ᠠ᠃ ᠲᠢᠩᠬᠢᠮ ᠲᠤᠲᠤᠷᠠᠬᠢ 《ᠶᠡᠭᠡ ᠮᠤᠩᠭᠤᠯ ᠤᠯᠤᠰ ᠤᠨ ᠭᠠᠵᠠᠷ ᠤᠨ ᠵᠢᠷᠤᠭ》 ᠨᠢ ᠴᠢᠩᠬᠢᠰ ᠬᠠᠭᠠᠨ ᠵᠢᠴᠢ ᠲᠡᠭᠦᠨ ᠤ ᠵᠠᠯᠭᠠᠮᠵᠢᠯᠠᠭᠴᠢᠳ᠂ ᠠᠭᠲᠠ ᠶᠢᠨ ᠨᠢᠷᠤᠭᠤᠨ ᠳᠡᠭᠡᠷ᠎ᠡ ᠳᠡᠯᠡᠭᠡᠢ ᠳ᠋ᠠᠬᠢᠨ ᠢ ᠳᠣᠩᠰᠣᠯᠭᠠᠵᠤ᠂ ᠮᠣᠩᠭᠤᠯ ᠤᠨ ᠶᠡᠭᠡ ᠴᠡᠷᠢᠭ  ᠢ ᠳᠠᠶᠢᠴᠢᠯᠠᠨ ᠳᠦᠷᠪᠡᠨ ᠵᠦᠭ ᠲᠤ  ᠳᠠᠶᠢᠯᠠᠭᠠᠳ᠂ ᠠᠽᠢᠶ᠎ᠠ ᠡᠸᠦ᠋ᠷᠤᠫᠠ  ᠬᠤᠶᠠᠷ ᠲᠢᠪ  ᠢ ᠰᠤᠨᠳᠠᠯᠠᠭᠰᠠᠨ ᠶᠡᠭᠡ ᠮᠣᠩᠭᠤᠯ ᠤᠯᠤᠰ ᠢ ᠪᠠᠶᠢᠭᠤᠯᠬᠤ ᠴᠢᠬᠤᠯᠠ ᠪᠦᠬᠦᠢ ᠳᠠᠶᠢᠨ ᠤ ᠴᠠᠭ᠂ ᠴᠡᠷᠢᠭᠯᠡᠭᠰᠡᠨ ᠱᠤᠭᠤᠮ  ᠢ ᠳᠦᠷᠰᠦᠯᠢᠭ  ᠢᠶᠠᠷ ᠵᠢᠭᠠᠨ ᠭᠠᠷᠭᠠᠵᠤ᠂ ᠶᠡᠭᠡ ᠮᠣᠩᠭᠤᠯ ᠣᠯᠤᠰ ᠤᠨ ᠳᠠᠯᠠᠢ ᠠᠭᠤᠳᠠᠮ ᠭᠠᠵᠠᠷ ᠨᠤᠲᠤᠭ  ᠢ ᠳᠠᠶᠠᠭᠠᠷ  ᠤᠨ ᠬᠠᠷᠠᠭᠠᠨ᠎ᠠ ᠭᠠᠶᠢᠬᠠᠭᠤᠯᠤᠨᠠᠮ᠃ ᠦᠵᠡᠭᠦᠯᠦᠯᠭᠡ  ᠨᠢ ᠳᠤᠤᠷᠠᠬᠢ ᠮᠡᠲᠦ ᠨᠠᠢᠮᠠᠨ ᠠᠭᠤᠯᠭ᠎ᠠ ᠪᠤᠢ᠄

      ᠨᠢᠭᠡ᠂ ᠳᠡᠭᠡᠳᠦᠰ ᠤᠨ ᠦᠯᠡᠳᠡᠭᠡᠯ᠃ ᠭᠤᠤᠯᠳᠠᠭᠤ 《ᠶᠤᠸᠠᠨ ᠤ ᠦᠶ᠎ᠡ ᠶᠢᠨ ᠲᠦᠷᠪᠡᠯᠵᠢᠨ ᠦᠰᠦᠭᠲᠦ ᠬᠠᠭᠠᠨ ᠤ ᠵᠠᠷᠯᠢᠭ ᠤᠨ ᠠᠯᠲᠠᠨ ᠭᠡᠷᠡᠭᠡ》᠂ 《ᠶᠤᠸᠠᠨ ᠤ ᠦᠶ᠎ᠡ ᠶᠢᠨ ᠠᠯᠲᠠᠨ ᠪᠦᠰᠡ ᠶᠢᠨ ᠵᠢᠮᠰᠡᠭ》᠂ 《ᠶᠤᠸᠠᠨ ᠤ ᠦᠶ᠎ᠡ ᠶᠢᠨ ᠵᠤᠭᠤᠰ》 ᠵᠡᠷᠭᠡ ᠬᠤᠪᠤᠷ ᠨᠠᠨᠳᠢᠨ ᠳᠡᠥᠬᠡ ᠶᠢᠨ ᠵᠦᠢᠯᠡᠰ ᠢ ᠳᠡᠯᠭᠡᠨ ᠦᠵᠡᠭᠦᠯᠵᠤ ᠪᠠᠶᠢᠨ᠎ᠠ᠃

      ᠬᠤᠶᠠᠷ᠂ ᠡᠮᠡᠭᠡᠯ ᠬᠠᠵᠠᠭᠠᠷ ᠤᠨ ᠴᠢᠮᠡᠭᠯᠡᠯ᠃ ᠭᠤᠤᠯᠳᠠᠭᠤ ᠡᠮᠡᠭᠡᠯ᠂ ᠬᠠᠵᠠᠭᠠᠷ᠂ ᠨᠤᠭᠲᠤ᠂ ᠴᠢᠳᠦᠷ᠂ ᠮᠢᠯᠠᠭ᠎ᠠ ᠵᠡᠷᠭᠡ ᠮᠣᠷᠢᠨ ᠡᠳ᠋ᠯᠡᠯ ᠢ ᠳᠡᠯᠭᠡᠨ ᠦᠵᠡᠭᠦᠯᠵᠤ ᠪᠠᠶᠢᠨ᠎ᠠ᠃

      ᠭᠤᠷᠪᠠ᠂ ᠦᠢᠯᠡᠳᠪᠦᠷᠢᠯᠡᠯ ᠤᠨ ᠪᠠᠭᠠᠵᠢ᠃ ᠭᠤᠤᠯᠳᠠᠭᠤ ᠮᠠᠯᠵᠢᠬᠤ ᠦᠢᠯᠡᠳᠪᠤᠷᠢᠯᠡᠯ ᠤᠨ ᠪᠠᠭᠠᠵᠢ᠂ ᠠᠩ ᠠᠩᠨᠠᠯ ᠤᠨ ᠪᠠᠭᠠᠵᠢ᠂ ᠮᠣᠳᠣᠨ ᠳᠠᠷᠬᠠᠨ᠂ ᠮᠥᠩᠭᠦᠨ ᠳᠠᠷᠬᠠᠨ ᠤ ᠪᠠᠭᠠᠵᠢ ᠬᠡᠷᠡᠭᠰᠡᠯ ᠤᠳ ᠢ ᠳᠡᠯᠭᠡᠨ ᠦᠵᠡᠭᠦᠯᠵᠤ ᠪᠠᠶᠢᠨ᠎ᠠ᠃

      ᠳᠥᠷᠪᠡ᠂ ᠠᠮᠢᠳᠤᠷᠠᠯ ᠤᠨ ᠰᠠᠪᠠ ᠬᠡᠷᠡᠭᠰᠡᠯ᠃ ᠭᠤᠤᠯᠳᠠᠭᠤ ᠴᠠᠭᠠᠨ ᠢᠳᠡᠭᠡᠨ ᠤ ᠬᠡᠷᠡᠭᠰᠡᠯ᠂ ᠭᠠᠯ ᠲᠤᠭᠤᠭᠠᠨ ᠤ ᠬᠡᠷᠡᠭᠰᠡᠯ᠂ ᠬᠤᠭᠤᠯᠠ ᠪᠤᠳᠠᠭᠠᠨ ᠤ ᠬᠡᠷᠡᠭᠰᠡᠯ ᠵᠢᠴᠢ ᠴᠠᠢ᠂ ᠠᠷᠢᠬᠢ᠂ ᠲᠠᠮᠠᠬᠢᠨ ᠤ ᠬᠡᠷᠡᠭᠰᠡᠯ᠂ ᠮᠣᠩᠭᠤᠯ ᠬᠢᠲᠤᠭ᠎ᠠ ᠵᠡᠷᠭᠡ ᠶᠢ ᠳᠡᠯᠭᠡᠨ ᠦᠵᠡᠭᠦᠯᠵᠤ ᠪᠠᠶᠢᠨ᠎ᠠ᠃

      ᠲᠠᠪᠤ᠂ ᠬᠤᠪᠴᠠᠰᠤ ᠵᠠᠰᠠᠯ᠃ ᠭᠤᠤᠯᠳᠠᠭᠤ ᠮᠣᠩᠭᠤᠯ ᠦᠨᠳᠦᠰᠦᠲᠡᠨ ᠤ ᠡᠯ᠎ᠡ ᠨᠤᠲᠤᠭ ᠤᠨ ᠬᠤᠪᠴᠠᠰᠤ ᠵᠠᠰᠠᠯ ᠪᠤᠯᠤᠨ ᠦᠢᠯᠡ ᠤᠲᠠᠰᠤᠨ ᠤ ᠬᠡᠷᠡᠭᠰᠡᠯ᠂ ᠭᠤᠶᠤᠯᠠᠯ ᠴᠢᠮᠡᠭᠯᠡᠯ ᠤᠨ ᠵᠦᠢᠯᠡᠰ ᠵᠢᠴᠢ ᠳ᠋ᠧᠩ᠂ ᠴᠤᠤᠵᠢ ᠵᠡᠷᠭᠡ ᠶᠢ ᠳᠡᠯᠭᠡᠨ ᠦᠵᠡᠭᠦᠯᠵᠤ ᠪᠠᠶᠢᠨ᠎ᠠ᠃

      ᠵᠢᠷᠭᠤᠭ᠎ᠠ᠂ ᠰᠣᠶᠣᠯ ᠴᠡᠩᠬᠡᠯ᠃ ᠭᠤᠤᠯᠳᠠᠭᠤ ᠡᠷ᠎ᠡ ᠶᠢᠨ ᠭᠤᠷᠪᠠᠨ ᠨᠠᠭᠠᠳᠤᠮ ᠤᠨ ᠬᠡᠷᠡᠭᠯᠡᠬᠦᠨ ᠪᠣᠯᠤᠨ ᠶᠠᠲᠤᠭ᠎ᠠ᠂ ᠮᠣᠷᠢᠨ ᠬᠤᠭᠤᠷ᠂ ᠳᠦᠷᠪᠡᠨ ᠤᠲᠠᠰᠤᠲᠤ ᠬᠤᠭᠤᠷ ᠵᠡᠷᠭᠡ ᠮᠣᠩᠭᠤᠯᠴᠤᠳ ᠤᠨ ᠤᠯᠠᠮᠵᠢᠯᠠᠯᠲᠤ ᠬᠦᠭᠵᠢᠮ᠂ ᠮᠣᠩᠭᠤᠯ ᠰᠢᠲᠠᠷ᠎ᠠ᠂ ᠵᠢᠷᠠᠨ ᠫᠠᠢ ᠵᠡᠷᠭᠡ  ᠶᠢ ᠳᠡᠯᠭᠡᠨ ᠦᠵᠡᠭᠦᠯᠵᠤ ᠪᠠᠶᠢᠨ᠎ᠠ᠃

      ᠳᠣᠯᠤᠭ᠎ᠠ᠂ ᠡᠮ ᠡᠮᠨᠡᠯᠭᠡ᠃ ᠭᠤᠤᠯᠳᠠᠭᠤ ᠮᠣᠩᠭᠤᠯ ᠡᠮ ᠤᠨ ᠵᠤᠷ᠂ ᠡᠮ ᠤᠨ ᠪᠤᠭᠴᠤ᠂ ᠡᠮ ᠤᠨ ᠲᠤᠩ᠂ ᠡᠮ ᠴᠢᠨᠠᠬᠤ ᠲᠤᠭᠤᠭ᠎ᠠ᠂ ᠬᠠᠨᠠᠭᠤᠷ ᠵᠡᠷᠭᠡ ᠶᠢ ᠳᠡᠯᠭᠡᠨ ᠦᠵᠡᠭᠦᠯᠵᠤ ᠪᠠᠶᠢᠨ᠎ᠠ᠃

      ᠨᠠᠢᠮᠠ᠂ ᠱᠠᠰᠢᠨ ᠰᠢᠲᠦᠯᠭᠡ᠃ ᠭᠤᠤᠯᠳᠠᠭᠤ ᠪᠦᠭᠡ ᠶᠢᠨ ᠡᠮᠦᠰᠭᠡᠯ᠂ ᠪᠦᠭᠡ ᠪᠦᠬᠡᠯᠡᠬᠦ ᠬᠡᠷᠡᠭᠰᠡᠯ︔ ᠪᠤᠷᠬᠠᠨ ᠤ ᠬᠦᠷᠦᠭ᠂ ᠰᠤᠳᠤᠷ᠂ ᠭᠦᠯᠢᠰ᠂ ᠲᠢᠳᠢᠮ᠂ ᠪᠦᠷᠢᠶ᠎ᠡ᠂ ᠯᠠᠪᠠᠢ ᠵᠡᠷᠭᠡ ᠪᠤᠷᠬᠠᠨ ᠱᠠᠰᠢᠨ ᠤ ᠵᠠᠩ ᠣᠶᠢᠯᠠ ᠳᠤ ᠬᠤᠯᠪᠤᠭᠳᠠᠬᠤ ᠬᠡᠷᠡᠭᠯᠡᠬᠦᠨ ᠢ ᠳᠡᠯᠭᠡᠨ ᠦᠵᠡᠭᠦᠯᠵᠤ ᠪᠠᠶᠢᠨ᠎ᠠ᠃

      ᠭᠤᠷᠪᠠᠳᠤᠭᠠᠷ ᠳᠠᠪᠬᠤᠷᠯᠢᠭ ᠨᠢ《ᠲᠡᠦᠬᠡ ᠶᠢᠨ ᠲᠢᠩᠬᠢᠮ》 ᠪᠤᠯᠤᠨ《ᠲᠦᠷ ᠳᠡᠯᠭᠡᠨ ᠦᠵᠡᠭᠦᠯᠦᠯᠭᠡ  ᠶᠢᠨ ᠲᠢᠩᠬᠢᠮ》 ᠢᠶᠠᠷ ᠪᠦᠷᠢᠯᠳᠦᠵᠠᠢ᠃ 《ᠲᠡᠦᠬᠡ ᠶᠢᠨ ᠲᠢᠩᠬᠢᠮ》  ᠢ ᠰᠤᠷᠭᠠᠭᠤᠯᠢ ᠶᠢᠨ ᠲᠡᠦᠬᠡ  ᠶᠢᠨ ᠤᠬᠠᠭᠠᠨ ᠤ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠳᠤ ᠵᠤᠷᠢᠭᠤᠯᠤᠨ᠂ ᠭᠤᠤᠯᠳᠠᠭᠤ ᠦᠪᠦᠷ ᠮᠣᠩᠭᠤᠯ ᠤᠷᠤᠨ ᠤ ᠭᠠᠵᠠᠷ ᠳᠤᠤᠷ᠎ᠠ ᠡᠴᠠ‌ᠢᠯᠡᠷᠡᠭᠦᠯᠦᠭᠰᠡᠨ ᠴᠢᠬᠤᠯᠠ ᠲᠡᠥᠬᠡ  ᠶᠢᠨ ᠳᠤᠷᠠᠰᠬᠠᠯᠲᠤ ᠵᠦᠢᠯ ᠢ ᠳᠡᠯᠭᠡᠨ ᠦᠵᠡᠭᠦᠯᠦᠨ᠎ᠡ᠃ 《ᠲᠦᠷ ᠳᠡᠯᠭᠡᠨ ᠦᠵᠡᠭᠦᠯᠦᠯᠭᠡ  ᠶᠢᠨ ᠲᠢᠩᠬᠢᠮ》  ᠢ ᠰᠤᠷᠭᠠᠭᠤᠯᠢ ᠶᠢᠨ ᠳᠣᠲᠤᠷ᠎ᠠ ᠭᠠᠳᠠᠨᠠᠬᠢ ᠡᠯ᠎ᠡ ᠲᠦᠷᠦᠯ  ᠤᠨ ᠲᠦᠷ ᠴᠠᠭ ᠤᠨ ᠳᠡᠯᠭᠡᠨ ᠦᠵᠡᠭᠦᠯᠦᠯᠭᠡ  ᠶᠢ ᠳᠠᠭᠠᠭᠠᠨ ᠡᠷᠬᠢᠯᠡᠬᠦ ᠳᠤ ᠵᠣᠷᠢᠭᠤᠯᠵᠠᠢ᠃

         ᠪᠠᠢᠷᠢᠰᠢᠭ᠎ᠠ ᠭᠠᠵᠠᠷ᠄ ᠬᠥᠬᠡᠬᠣᠲᠠ ᠶᠢᠨ ᠶᠡᠬᠡ ᠰᠤᠷᠭᠠᠭᠤᠯᠢ ᠪᠠᠷᠠᠭᠤᠨ ᠵᠠᠮ ᠤᠨ235 ᠨᠣᠮᠸᠷ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠬᠣᠢᠲᠤ ᠲᠣᠭᠣᠷᠢᠭ ᠤᠨ ᠬᠦᠷᠢᠶᠡᠨ ( ᠰᠤᠶᠤᠯ ᠲᠠᠮᠢᠷ ᠤᠨ ᠣᠷᠳᠣᠨ ᠤ ᠡᠮᠦᠨ᠎ᠡ ) ᠳ᠋ᠤ ᠪᠤᠢ᠃

       ᠨᠡᠢᠲᠡ ᠮᠠᠰᠢᠨ᠄ 16᠂18᠂31᠂34᠂62᠂79᠂88᠂98᠂K2 ᠵᠠᠮ ᠤᠨ ᠮᠠᠰᠢᠨ ᠳ᠋ᠤ ᠰᠠᠭᠤᠪᠠᠯ ᠥᠪᠥᠷ ᠮᠣᠩᠭᠣᠯ ᠤᠨ ᠶᠡᠬᠡ ᠰᠤᠷᠭᠠᠭᠤᠯᠢ ᠥᠷᠲᠡᠭᠡ ᠳ᠋ᠤ ᠪᠠᠭᠤᠨ᠎ᠠ᠃4᠂21᠂31᠂37᠂53᠂62᠂66᠂85 ᠵᠠᠮ ᠤᠨ ᠮᠠᠰᠢᠨ ᠳ᠋ᠤ ᠰᠠᠭᠤᠪᠠᠯ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠵᠡᠭᠦᠨ ᠡᠭᠦᠳᠠ ᠥᠷᠲᠡᠭᠡ ᠳ᠋ᠤ ᠪᠠᠭᠤᠨ᠎ᠠ᠃

        ᠴᠠᠭ᠄ ᠦᠳᠡ ᠶᠢᠨ ᠡᠮᠦᠨ᠎ᠡ  08᠄ 30-11᠄ 30 ᠦᠳᠡ ᠶᠢᠨ ᠬᠣᠢᠨ᠎ᠠ14᠄ 30-17᠄ 30

        ᠬᠠᠷᠢᠯᠴᠠᠬᠤ ᠤᠲᠠᠰᠣ᠄ 0471-4994236

ᠨᠦᠬᠦᠷᠯᠢᠭ ᠬᠤᠯᠪᠤᠭᠠᠰᠤ