ᠦᠨᠳᠦᠰᠦᠲᠡᠨ ᠤ ᠰᠡᠳᠬᠢᠴᠡ ᠵᠦᠢ ᠶᠢᠨ ᠲᠤᠷᠰᠢᠯᠲᠠ ᠶᠢᠨ ᠲᠠᠰᠤᠭ

      ᠦᠨᠳᠦᠰᠦᠲᠡᠨ ᠤ ᠰᠡᠳᠬᠢᠴᠡ ᠵᠦᠢ ᠦᠢᠨ ᠲᠣᠷᠰᠢᠯᠲᠠ ᠶᠢᠨ ᠲᠠᠰᠤᠭ ᠨᠢ ᠤᠯᠤᠰ ᠤᠨ 《ᠪᠠᠷᠠᠭᠤᠨ ᠪᠦᠰᠡ ᠨᠤᠲᠤᠭ ᠤᠨ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ》 ᠪᠣᠯᠣᠨ 《ᠰᠢᠯᠢᠳᠡᠭ ᠮᠡᠷᠭᠡᠵᠢᠯ ᠰᠠᠯᠪᠤᠷᠢ ᠶᠢᠨ ᠴᠣᠭᠴᠠᠯᠠᠯᠲᠠ》 ᠶᠢᠨ ᠲᠥᠰᠥᠯ ᠤᠨ ᠳᠠᠭᠠᠤ ᠪᠠᠶᠢᠭᠤᠯᠤᠭᠳᠠᠭᠰᠠᠨ ᠰᠡᠳᠬᠢᠯ ᠰᠣᠳᠣᠯᠣᠯ ᠤᠨ ᠲᠣᠷᠰᠢᠯᠲᠠ ᠶᠢᠨ ᠲᠠᠰᠤᠭ ᠪᠤᠯᠬᠤ ᠪᠦᠭᠡᠳ ᠤᠷᠢᠳ ᠬᠤᠵᠢᠳ ᠨᠡᠶᠢᠳᠡ 250 ᠢᠯᠡᠬᠦᠦ ᠳᠦᠮᠡᠨ ᠳᠦᠬᠦᠷᠢᠭ ᠤᠨ ᠪᠡᠯᠡ ᠤᠷᠤᠭᠤᠯᠵᠠᠢ᠃ ᠲᠣᠷᠰᠢᠯᠲᠠ ᠶᠢᠨ ᠲᠠᠰᠤᠭ ᠤᠨ ᠪᠠᠶᠢᠭᠤᠯᠤᠯᠲᠠ ᠨᠢ 2014 ᠣᠨ ᠠᠴᠠ ᠡᠬᠢᠯᠡᠵᠦ᠂ ᠣᠳᠣ ᠭᠤᠷᠪᠠᠨ ᠲᠣᠷᠰᠢᠯᠲᠠ ᠶᠢᠨ ᠦᠷᠦᠭᠡ᠂ ᠨᠢᠭᠡ ᠡᠵᠡᠮᠳᠡᠯ ᠤᠨ ᠥᠷᠥᠭᠡ ᠲᠠᠢ ᠪᠣᠯᠵᠠᠢ᠃ ᠲᠤᠷᠰᠢᠯᠲᠠ ᠶᠢᠨ ᠲᠠᠰᠤᠭ ᠨᠢ 80 ᠲᠡᠭᠰᠢ ᠳᠥᠷᠪᠡᠯᠵᠢᠨ ᠮᠧᠲᠷ ᠳᠠᠯᠠᠪᠠᠢ ᠲᠠᠢ᠃
      ᠲᠤᠰ ᠲᠤᠷᠰᠢᠯᠲᠠ ᠶᠢᠨ ᠲᠠᠰᠤᠭ ᠨᠢ 《RED Eye Tracking Device RED500 ᠬᠠᠷᠠᠭᠠᠨ ᠤ ᠬᠥᠳᠡᠯᠦᠯ ᠢ ᠮᠥᠷᠳᠡᠨ ᠰᠢᠨᠵᠢᠬᠦ ᠰᠢᠰᠲ᠋ᠧᠮ》᠂ 《The Observer XT Base Module》 ᠪᠣᠯᠣᠨ 《Advanced Analysis Module》 ᠮᠡᠷᠭᠡᠵᠢᠯ ᠳᠤ ᠰᠠᠭᠤᠷᠢᠯᠠᠭᠤᠯᠤᠭᠰᠠᠨ ᠦᠢᠯᠡ ᠠᠵᠢᠯᠯᠠᠭᠠᠨ ᠤ ᠰᠢᠨᠵᠢᠯᠡᠭᠡᠨ ᠤ ᠰᠢᠰᠲ᠋ᠧᠮ᠂ 《Infiniti ᠣᠯᠠᠨ ᠬᠡᠮᠵᠢᠭᠳᠡᠯ ᠳᠤ ᠰᠠᠭᠤᠷᠢᠯᠠᠭᠰᠠᠨ ᠪᠢᠤᠯᠤᠭᠢ ᠶᠢᠨ ᠮᠡᠳᠡᠭᠡᠯᠡᠯ ᠤᠨ ᠰᠢᠰᠲ᠋ᠧᠮ Infiniti 3000A》᠂ 《64 ᠰᠤᠪᠠᠭ ᠲᠠᠢ Neuroscan ᠲᠠᠷᠢᠬᠢᠨ ᠤ ᠴᠠᠬᠢᠯᠭᠠᠨ ᠢ ᠬᠡᠮᠵᠢᠨ ᠮᠥᠷᠳᠡᠬᠦ ᠰᠢᠰᠲ᠋ᠧᠮ》᠂ 《NIRScout8x8 ᠣᠶᠢᠷ᠎ᠠ ᠶᠢᠨ ᠬᠡᠳᠦ ᠤᠯᠠᠭᠠᠨ ᠤ ᠲᠤᠶᠠᠭ᠎ᠠ ᠶᠢ ᠠᠰᠢᠭᠯᠠᠭᠰᠠᠨ ᠲᠠᠷᠢᠬᠢᠨ ᠤ ᠳᠦᠷᠰᠦ ᠪᠦᠲᠦᠭᠡᠯᠲᠡ ᠶᠢᠨ ᠰᠢᠰᠲ᠋ᠧᠮ》 ᠵᠡᠷᠭᠡ ᠲᠤᠷᠰᠢᠯᠲᠠ ᠶᠢᠨ ᠲᠣᠨᠤᠭ ᠲᠥᠬᠦᠭᠡᠷᠡᠮᠵᠢ ᠲᠠᠢ ᠪᠣᠯᠵᠠᠢ᠃
      ᠦᠨᠳᠦᠰᠦᠲᠡᠨ ᠤ ᠰᠡᠳᠬᠢᠴᠡ ᠵᠦᠢ ᠶᠢᠨ ᠲᠣᠷᠰᠢᠯᠲᠠ ᠶᠢᠨ ᠲᠠᠰᠤᠭ ᠨᠢ ᠰᠡᠳᠬᠢᠴᠡ ᠵᠦᠢ ᠶᠢᠨᠡᠷᠳᠡᠮ ᠰᠢᠨᠵᠢᠯᠡᠭᠡᠨ ᠤ ᠰᠤᠳᠤᠯᠭ᠎ᠠ ᠪᠣᠯᠣᠨ ᠰᠡᠳᠬᠢᠯ ᠵᠦᠢ ᠶᠢᠨ ᠵᠥᠪᠯᠡᠯᠭᠡ᠂ ᠰᠡᠳᠬᠢᠴᠡ ᠵᠦᠢ ᠶᠢᠨ ᠣᠨᠣᠰᠢᠯᠠᠯ᠂ ᠰᠡᠳᠬᠢᠴᠡ ᠶᠢᠨ ᠣᠷᠣᠯᠴᠠᠯᠭ᠎ᠠ ᠵᠢᠴᠢ ᠪᠦᠯᠬᠦᠮ ᠨᠡᠶᠢᠲᠡ ᠶᠢᠨ ᠰᠡᠳᠬᠢᠴᠡ ᠶᠢᠨᠣᠷᠣᠯᠴᠠᠯᠭ᠎ᠠ ᠳᠤ ᠱᠠᠭᠠᠷᠳᠠᠭᠳᠠᠬᠤ ᠦᠨᠳᠦᠰᠦᠨ ᠪᠠᠶᠢᠭᠤᠯᠤᠯᠲᠠ ᠲᠠᠢ᠂ ᠬᠠᠮᠢᠶᠠᠳᠠᠬᠤ ᠰᠡᠳᠬᠢᠴᠡ ᠰᠤᠳᠤᠯᠤᠯ ᠤᠨ ᠰᠤᠹᠲ᠂ ᠨᠠᠶᠢᠳᠠᠪᠤᠷᠢᠲᠤ ᠴᠢᠨᠠᠷ ᠨᠢ ᠪᠠᠲᠤᠯᠠᠭᠳᠠᠭᠰᠠᠨ ᠰᠣᠷᠢᠯᠲᠠ ᠶᠢᠨ ᠬᠡᠮᠵᠢᠭᠦᠷ ᠲᠠᠢ ᠪᠣᠯᠣᠭᠰᠠᠨ ᠪᠠᠶᠢᠨ᠎ᠠ᠃ ᠲᠤᠰ ᠲᠤᠷᠰᠢᠯᠲᠠ ᠶᠢᠨ ᠲᠠᠰᠤᠭ ᠨᠢ ᠤᠭᠰᠠᠭᠠᠲᠠᠨ ᠵᠦᠢ᠂ ᠨᠡᠶᠢᠭᠡᠮ ᠤᠨ ᠠᠵᠢᠯ᠂ ᠨᠡᠶᠢᠭᠡᠮ ᠤᠨ ᠰᠡᠳᠬᠢᠴᠡ ᠰᠤᠳᠤᠯᠤᠯ ᠵᠡᠷᠭᠡ ᠬᠦᠷᠢᠶᠡᠨ ᠤ ᠵᠢᠭᠠᠨ ᠰᠤᠷᠭᠠᠯᠲᠠ ᠪᠤᠯᠤᠨ ᠡᠷᠳᠡᠮ ᠰᠢᠨᠵᠢᠯᠡᠭᠡ ᠳᠤ ᠦᠢᠯᠡᠴᠢᠯᠡᠬᠦ ᠪᠠᠷ ᠡᠭᠦᠷᠭᠡ ᠪᠠᠨ ᠪᠣᠯᠭᠠᠭᠰᠠᠨ ᠪᠥᠭᠡᠳ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠰᠡᠳᠬᠢᠴᠡ ᠰᠤᠳᠤᠯᠤᠯ ᠤᠨ ᠵᠥᠪᠯᠡᠯᠭᠡ᠂ ᠰᠡᠳᠬᠢᠴᠡ ᠰᠤᠳᠤᠯᠤᠯ ᠤᠨ ᠵᠢᠭᠠᠨ ᠰᠤᠷᠭᠠᠯᠲᠠ ᠳᠤ ᠬᠦᠴᠦᠨ ᠨᠡᠮᠡᠷᠢ ᠦᠵᠡᠬᠦᠯᠬᠦ ᠪᠠᠷ ᠵᠤᠷᠢᠯᠭ᠎ᠠ ᠪᠠᠨ ᠪᠤᠯᠭᠠᠭᠰᠠᠨ ᠶᠤᠮ᠃

实验室负责人:乌云毕力格

ᠨᠦᠬᠦᠷᠯᠢᠭ ᠬᠤᠯᠪᠤᠭᠠᠰᠤ