ᠨᠡᠢᠭᠡᠮ ᠤᠨ ᠠᠵᠢᠯ ᠤᠨ ᠲᠤᠷᠰᠢᠯᠲᠠ ᠶᠢᠨ ᠲᠠᠰᠤᠭ

      ᠨᠡᠶᠢᠬᠡᠮ ᠤᠨ ᠠᠵᠢᠯ ᠤᠨ ᠳᠤᠷᠰᠢᠯᠳᠠ ᠶᠢᠨ ᠳᠠᠰᠤᠭ ᠨᠢ 2010 ᠤᠨ ᠤ 2 ᠳ᠋ᠤᠭᠠᠷ ᠰᠠᠷ᠎ᠠ ᠳᠤ ᠪᠠᠶᠢᠭᠤᠯᠤᠭᠳᠠᠵᠦ᠂ 200 ᠳᠡᠭᠰᠢ ᠳᠦᠷᠪᠡᠯᠵᠢᠨ ᠮᠧᠲᠷ ᠤᠨ ᠳᠠᠯᠠᠪᠠᠢ ᠶᠢᠨ ᠠᠵᠢᠯᠯᠠᠬᠤ ᠭᠠᠵᠠᠷ  ᠲᠠᠢ᠃ ᠳᠤᠷᠰᠢᠯᠳᠠ ᠶᠢᠨ ᠳᠠᠰᠤᠭ ᠨᠢ ᠳᠤᠷᠰᠢᠯᠳᠠ ᠶᠢᠨ ᠬᠢᠴᠢᠶᠡᠯ ᠬᠦᠮᠦᠵᠢᠯ᠂ ᠪᠤᠳᠠᠳᠤ ᠦᠢᠯᠡᠴᠢᠯᠡᠭᠡ᠂ ᠡᠷᠳᠡᠮ ᠰᠢᠨᠵᠢᠯᠡᠭᠡ ᠪᠠ ᠨᠡᠶᠢᠬᠡᠮ ᠤᠨ ᠦᠢᠯᠡᠳᠦᠯᠭᠡ ᠳᠠᠳᠤᠯᠭ᠎ᠠ ᠭᠡᠬᠦ ᠳᠦᠷᠪᠡᠨ ᠴᠢᠳᠠᠪᠬᠢ ᠲᠠᠢ᠃ ᠮᠤᠵᠢ ᠶᠠᠮᠤᠨ ᠤ ᠳᠡᠰ ᠤᠨ ᠬᠠᠮᠳᠤᠷᠠᠨ ᠶᠠᠪᠤᠭᠳᠠᠭᠤᠯᠬᠤ ᠳᠦᠰᠦᠯ ᠪᠤᠯᠤᠭᠰᠠᠨ ᠤ ᠬᠤᠪᠢ ᠳᠤ ᠨᠡᠶᠢᠬᠡᠮ ᠤᠨ ᠠᠵᠢᠯ ᠤᠨ ᠳᠤᠷᠰᠢᠯᠳᠠ ᠶᠢᠨ ᠳᠠᠰᠤᠭ ᠨᠢ ᠳᠦᠪ᠂ ᠭᠠᠵᠠᠷ ᠤᠷᠤᠨ ᠪᠠ ᠰᠤᠷᠭᠠᠭᠤᠯᠢ ᠬᠠᠮᠳᠤ ᠪᠠᠷ ᠪᠡᠯᠡ ᠤᠷᠤᠭᠤᠯᠵᠦ ᠪᠠᠶᠢᠭᠤᠯᠤᠭᠰᠠᠨ ᠶᠤᠮ᠃
      ᠳᠤᠷᠰᠢᠯᠳᠠ ᠶᠢᠨ ᠳᠠᠰᠤᠭ ᠢ ᠳᠦᠰᠦᠪᠯᠡᠬᠦ ᠳᠤ ᠪᠠᠨ ᠪᠡᠭᠡᠵᠢᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠯᠠᠭᠤᠴᠤᠳ ᠤᠨ ᠤᠯᠤᠰ ᠳᠦᠷᠦ ᠶᠢᠨ ᠳᠡᠭᠡᠳᠦ ᠰᠤᠷᠭᠠᠭᠤᠯᠢ᠂ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠨᠡᠶᠢᠭᠡᠮ ᠤᠨ ᠠᠵᠢᠯ ᠤᠨ ᠳᠤᠷᠰᠢᠯᠳᠠ ᠶᠢᠨ ᠳᠠᠰᠤᠭ ᠤᠨ ᠪᠦᠳᠦᠭᠡᠨ ᠪᠠᠶᠢᠭᠤᠯᠬᠤ ᠳᠡᠷᠢᠬᠦᠨ ᠤ ᠦᠵᠡᠯ ᠰᠠᠨᠠᠭ᠎ᠠ ᠪᠠ ᠪᠦᠳᠦᠴᠡ ᠶᠢᠨ ᠰᠢᠰᠲ᠋ᠧᠮ ᠢᠶᠠᠷ ᠯᠠᠪᠯᠠᠯᠳᠠ ᠪᠤᠯᠭᠠᠵᠦ᠂ ᠪᠤᠳᠠᠳᠤ ᠬᠡᠷᠡᠭ ᠤᠨ ᠠᠵᠢᠯ ᠤᠨ ᠦᠷᠦᠭᠡ 2᠂ ᠳᠤᠭᠤᠶᠢᠯᠠᠩ ᠤᠨ ᠠᠵᠢᠯ ᠤᠨ ᠦᠷᠦᠭᠡ᠂ ᠪᠠᠶᠢᠴᠠᠭᠠᠨ ᠠᠵᠢᠭᠯᠠᠬᠤ ᠦᠷᠦᠭᠡ᠂ ᠬᠢᠨᠠᠨ ᠠᠵᠢᠭᠯᠠᠬᠤ ᠦᠷᠦᠭᠡ ᠪᠠ ᠤᠯᠠᠨ ᠵᠠᠭᠤᠴᠢᠳᠦ ᠺᠤᠮᠫᠢᠦ᠋ᠲ᠋ᠧᠷ ᠤᠨ ᠦᠷᠦᠭᠡ ᠳᠤᠰ ᠪᠦᠷᠢ 1 ᠪᠠᠶᠢᠭᠤᠯᠵᠠᠢ᠃ ᠳᠤᠷᠰᠢᠯᠳᠠ ᠶᠢᠨ ᠳᠠᠰᠤᠭ ᠲᠤ ᠪᠠᠨ ᠤᠯᠠᠨ ᠦᠩᠭᠡᠳᠦ ᠪᠦᠮᠪᠦᠷᠴᠡᠭ ᠬᠡᠯᠪᠡᠷᠢ ᠪᠦᠬᠦᠢ ᠨᠢᠭᠡᠳᠦᠭᠰᠡᠨ ᠰᠡᠬᠦᠳᠡᠷᠯᠡᠬᠦ ᠮᠠᠰᠢᠨ᠂ ᠱᠤᠭᠤᠮ ᠤᠨ ᠪᠤᠰᠤ ᠨᠠᠶᠢᠷᠠᠭᠤᠯᠬᠤ ᠮᠠᠰᠢᠨ ᠪᠤᠯᠤᠨ ᠨᠡᠶᠢᠬᠡᠮ ᠳᠤᠭᠤᠷᠢᠭ ᠢ ᠵᠤᠬᠢᠴᠠᠭᠤᠯᠬᠤ ᠰᠢᠰᠲ᠋ᠧᠮ᠂ ᠤᠳᠠᠰᠤ ᠪᠠᠷ ᠰᠤᠷᠪᠤᠯᠵᠢᠯᠠᠬᠤ ᠰᠢᠰᠲ᠋ᠧᠮ᠂ ᠬᠡᠬᠡᠷ᠎ᠡ ᠶᠢᠨ ᠰᠢᠨᠵᠢᠯᠡᠭᠡᠨ ᠤ ᠰᠤᠹᠲ ᠵᠡᠷᠭᠡ ᠤᠯᠤᠰ ᠤᠨ ᠳᠤᠳᠤᠭᠠᠳᠤ ᠶᠢᠨ ᠳᠡᠷᠢᠬᠦᠨ ᠤ ᠵᠢᠭᠠᠨ ᠰᠤᠷᠭᠠᠯᠳᠠ ᠶᠢᠨ ᠳᠤᠨᠤᠭ ᠳᠦᠬᠦᠷᠦᠮᠵᠢ ᠪᠠ ᠳᠤᠷᠰᠢᠯᠳᠠ ᠶᠢᠨ ᠪᠠᠭᠠᠵᠢ ᠶᠢ ᠤᠭᠰᠠᠷᠠᠨ ᠳᠠᠭᠠᠷᠠᠭᠤᠯᠵᠠᠢ᠃
      ᠳᠤᠷᠰᠢᠯᠳᠠ ᠶᠢᠨ ᠳᠠᠰᠤᠭ ᠨᠢ ᠤᠨᠤᠯ ᠤᠨ ᠮᠡᠳᠡᠯᠭᠡ ᠤᠨ ᠳᠠᠭᠤᠷᠢᠶᠠᠭᠰᠠᠨ ᠦᠢᠯᠡᠳᠦᠯᠭᠡ ᠪᠠᠷ ᠳᠠᠮᠵᠢᠭᠤᠯᠤᠨ ᠤᠶᠤᠳᠠᠳ ᠤᠨ ᠳᠤᠰᠬᠠᠢ ᠮᠡᠷᠭᠡᠵᠢᠯ ᠤᠨ ᠦᠢᠯᠡᠳᠦᠯᠭᠡ ᠶᠢᠨ ᠴᠢᠳᠠᠪᠤᠷᠢ ᠪᠤᠯᠤᠨ ᠨᠡᠶᠢᠬᠡᠮ ᠤᠨ ᠪᠠᠶᠢᠴᠠᠭᠠᠯᠳᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠶᠢᠨ ᠬᠠᠮᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠬᠡᠮ ᠤᠨ ᠠᠵᠢᠯᠳᠠᠨ ᠤ ᠳᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠬᠠᠮᠤᠭ ᠤᠨ ᠳᠤᠬᠢᠷᠠᠮᠵᠢ ᠲᠠᠢ ᠭᠠᠵᠠᠷ ᠪᠤᠯᠵᠦ᠂ ᠦᠨᠳᠦᠰᠦᠳᠡᠨ ᠤ ᠤᠷᠤᠨ ᠤ ᠨᠡᠶᠢᠬᠡᠮ ᠤᠨ ᠠᠵᠢᠯ ᠤᠨ ᠴᠢᠳᠠᠪᠤᠷᠢᠳᠠᠨ ᠬᠦᠮᠦᠵᠢᠬᠦᠯᠬᠦ ᠪᠠ ᠡᠷᠳᠡᠮ ᠰᠢᠨᠵᠢᠯᠡᠭᠡ ᠬᠢᠬᠦ ᠳᠤ ᠰᠠᠭᠤᠷᠢ ᠨᠦᠬᠦᠴᠡ ᠢ ᠬᠠᠩᠭᠠᠨ ᠦᠭᠴᠡᠢ᠃

ᠨᠦᠬᠦᠷᠯᠢᠭ ᠬᠤᠯᠪᠤᠭᠠᠰᠤ