ᠬᠠᠷᠠᠭᠠᠨ ᠰᠡᠷᠡᠯ ᠤᠨ ᠬᠦᠮᠦᠨ ᠰᠤᠳᠤᠯᠤᠯ ᠤᠨ ᠲᠤᠷᠰᠢᠯᠲᠠ ᠶᠢᠨ ᠲᠠᠰᠤᠭ

      ᠬᠠᠷᠠᠭᠠᠨ ᠰᠡᠷᠡᠯ ᠤᠨ ᠬᠦᠮᠦᠨ ᠰᠤᠳᠤᠯᠤᠯ ᠤᠨ ᠳᠤᠷᠰᠢᠯᠳᠠ ᠶᠢᠨ ᠳᠠᠰᠤᠭ ᠢ 2009 ᠤᠨ ᠳᠤ ᠪᠠᠶᠢᠭᠤᠯᠵᠦ᠂ ᠳᠠᠰᠤᠭ ᠤᠨ ᠳᠠᠯᠠᠪᠠᠢ ᠨᠢ 60 ᠳᠡᠭᠰᠢ ᠳᠦᠷᠪᠡᠯᠵᠢᠨ ᠮᠧᠲᠷ ᠡᠵᠡᠯᠡᠨ᠎ᠡ᠃ ᠳᠤᠷᠰᠢᠯᠳᠠ ᠶᠢᠨ ᠪᠠᠭᠠᠵᠢ ᠳᠦᠬᠦᠷᠦᠮᠵᠢ ᠳᠤ ᠤᠳᠤᠬᠠᠨ ᠳᠤ ᠪᠠᠨ HD ᠰᠡᠬᠦᠳᠡᠷᠯᠡᠬᠦ ᠳᠤᠨᠤᠭ ᠳᠦᠬᠦᠷᠦᠮᠵᠢ᠂ ᠱᠤᠭᠤᠮ ᠤᠨ ᠪᠤᠰᠤ ᠨᠠᠶᠢᠷᠠᠭᠤᠯᠬᠤ ᠰᠢᠰᠲ᠋ᠧᠮ᠂ ᠪᠢᠴᠢᠯ ᠰᠡᠬᠦᠳᠡᠷᠯᠡᠬᠦ ᠮᠠᠰᠢᠨ ᠵᠡᠷᠭᠡ ᠪᠤᠢ᠃ ᠡᠬᠦᠨ ᠤ ᠬᠠᠮᠳᠤ ᠪᠠᠰᠠ ᠤᠯᠤᠰ ᠤᠨ ᠳᠤᠳᠤᠭᠠᠳᠤ ᠭᠠᠳᠠᠭᠠᠳᠤ ᠶᠢᠨ ᠺᠢᠨᠤ᠋ ᠹᠢᠯᠢᠮ ᠪᠠ ᠪᠠᠷᠢᠮᠳᠠᠳᠤ ᠹᠢᠯᠢᠮ ᠢ 200 ᠭᠠᠷᠤᠢ᠂ ᠤᠭᠰᠠᠭᠠᠳᠠᠨ ᠤ ᠤᠶᠢᠯᠠᠯᠭ᠎ᠠ ᠶᠢᠨ ᠺᠢᠨᠤ᠋ ᠲᠧᠯᠸᠢᠰ ᠤᠨ ᠮᠠᠲ᠋ᠧᠷᠢᠶᠠᠯ 20 ᠭᠠᠷᠤᠢ ᠶᠢ ᠴᠤᠭᠯᠠᠭᠤᠯᠤᠨ ᠬᠠᠳᠠᠭᠠᠯᠠᠵᠠᠢ᠃
      ᠳᠤᠷᠰᠢᠯᠳᠠ ᠶᠢᠨ ᠳᠠᠰᠤᠭ ᠨᠢ ᠳᠡᠭᠡᠳᠦ ᠰᠤᠷᠭᠠᠭᠤᠯᠢ ᠶᠢᠨ ᠡᠯ᠎ᠡ ᠳᠤᠰᠬᠠᠢ ᠮᠡᠷᠭᠡᠵᠢᠯ ᠤᠨ ᠬᠢᠴᠢᠶᠡᠯ ᠬᠦᠮᠦᠵᠢᠯ ᠪᠤᠯᠤᠨ ᠴᠢᠳᠠᠪᠤᠷᠢᠳᠠᠨ ᠬᠦᠮᠦᠵᠢᠬᠦᠯᠬᠦ ᠳᠤ ᠦᠢᠯᠡᠳᠦᠯᠭᠡ ᠶᠢᠨ ᠳᠠᠪᠴᠠᠩ ᠬᠠᠩᠭᠠᠵᠦ᠂ ᠡᠯ᠎ᠡ ᠳᠤᠰᠬᠠᠢ ᠮᠡᠷᠭᠡᠵᠢᠯ ᠤᠨ ᠪᠠᠭᠰᠢ᠂ ᠤᠶᠤᠳᠠᠨ᠂ ᠠᠰᠫᠢᠷᠠᠨᠲ᠂ ᠳ᠋ᠤᠺᠲ᠋ᠤᠷᠠᠨᠲ ᠨᠠᠷ ᠤᠨ ᠵᠢᠭᠠᠨ ᠰᠤᠷᠭᠠᠯᠳᠠ ᠪᠤᠯᠤᠨ ᠡᠷᠳᠡᠮ ᠰᠢᠨᠵᠢᠯᠡᠭᠡᠨ ᠤ ᠠᠵᠢᠯ ᠳᠤ ᠦᠢᠯᠡᠴᠢᠯᠡᠵᠦ ᠪᠤᠢ᠃ ᠳᠤᠷᠰᠢᠯᠳᠠ ᠶᠢᠨ ᠳᠠᠰᠤᠭ ᠲᠤ ᠬᠠᠳᠠᠭᠠᠯᠠᠵᠤ ᠪᠦᠬᠦᠢ ᠤᠯᠤᠰ ᠤᠨ ᠳᠤᠳᠤᠭᠠᠳᠤ ᠭᠠᠳᠠᠭᠠᠳᠤ ᠶᠢᠨ ᠬᠦᠮᠦᠨ ᠰᠤᠳᠤᠯᠤᠯ ᠤᠨ ᠰᠤᠩᠭᠤᠳᠠᠭ ᠪᠦᠳᠦᠭᠡᠯ ᠪᠤᠯᠤᠨ ᠤᠭᠰᠠᠭᠠᠳᠠᠨ ᠤ ᠤᠶᠢᠯᠠᠯᠭ᠎ᠠ ᠶᠢᠨ ᠺᠢᠨᠤ᠋ ᠹᠢᠯᠢᠮ ᠨᠢ ᠤᠭᠰᠠᠭᠠᠳᠠᠨ ᠵᠦᠢ ᠶᠢᠨ ᠳᠤᠰᠬᠠᠢ ᠮᠡᠷᠭᠡᠵᠢᠯ ᠤᠨ ᠤᠶᠤᠳᠠᠳ ᠤᠨ ᠮᠡᠳᠡᠯᠭᠡ ᠶᠢᠨ ᠬᠠᠷᠠᠭᠠᠰᠤ ᠶᠢ ᠦᠷᠭᠡᠳᠭᠡᠵᠦ᠂ ᠤᠶᠤᠳᠠᠳ ᠤᠨ ᠬᠦᠮᠦᠨ ᠰᠤᠳᠤᠯᠤᠯ ᠤᠨ ᠺᠢᠨᠤ᠋ ᠹᠢᠯᠢᠮ ᠬᠢᠬᠦ ᠤᠷ᠎ᠠ ᠮᠡᠷᠭᠡᠵᠢᠯ ᠢ ᠬᠦᠮᠦᠵᠢᠬᠦᠯᠦᠳ ᠳᠡᠭᠡᠭᠰᠢᠯᠡᠭᠦᠯᠬᠦ ᠶᠡᠬᠡᠬᠡᠨ ᠦᠢᠯᠡᠳᠦᠯ ᠲᠠᠢ᠃
        ᠬᠠᠷᠠᠭᠠᠨ ᠰᠡᠷᠡᠯ ᠤᠨ ᠬᠦᠮᠦᠨ ᠰᠤᠳᠤᠯᠤᠯ ᠤᠨ ᠳᠤᠷᠰᠢᠯᠳᠠ ᠶᠢᠨ ᠳᠠᠰᠤᠭ ᠤᠨ ᠪᠦᠳᠦᠭᠡᠨ ᠪᠠᠶᠢᠭᠤᠯᠤᠯᠳᠠ ᠶᠢᠨ ᠵᠤᠷᠢᠯᠭ᠎ᠠ ᠨᠢ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠬᠠᠷᠠᠭᠠᠨ ᠰᠡᠷᠡᠯ ᠤᠨ ᠬᠦᠮᠦᠨ ᠰᠤᠳᠤᠯᠤᠯ ᠤᠨ ᠵᠢᠭᠠᠨ ᠰᠤᠷᠭᠠᠯᠳᠠ ᠶᠢᠨ ᠳᠤᠷᠰᠢᠯᠳᠠ ᠶᠢᠨ ᠳᠠᠰᠤᠭ ᠤᠨ ᠳᠡᠷᠢᠬᠦᠨ ᠤ ᠬᠡᠮᠵᠢᠶᠡᠨ ᠳᠤ ᠬᠦᠷᠭᠡᠬᠦ ᠶᠠᠪᠤᠳᠠᠯ ᠪᠤᠯᠤᠨ᠎ᠠ᠃

ᠨᠦᠬᠦᠷᠯᠢᠭ ᠬᠤᠯᠪᠤᠭᠠᠰᠤ