ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠡᠢᠡᠭᠡᠮ ᠤᠨ ᠠᠵᠢᠯ ᠤᠨ ᠴᠢᠳᠠᠪᠤᠷᠢᠲᠠᠨ ᠬᠦᠮᠦᠵᠢᠭᠦᠯᠬᠦ ᠪᠠ ᠰᠤᠳᠤᠯᠭᠠᠨ ᠤ ᠰᠠᠭᠤᠷᠢᠨ ᠭᠠᠵᠠᠷ

      ᠳᠤᠰ ᠰᠠᠭᠤᠷᠢᠨ ᠭᠠᠵᠠᠷ ᠢ 2013 ᠤᠨ ᠤ 10 ᠳ᠋ᠤᠭᠠᠷ ᠰᠠᠷ᠎ᠠ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠨᠡᠶᠢᠬᠡᠮ ᠵᠦᠢ ᠶᠢᠨ ᠳᠡᠭᠡᠳᠦ ᠰᠤᠷᠭᠠᠭᠤᠯᠢ ᠪᠤᠯᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠬᠠᠮᠳᠤᠷᠠᠨ ᠪᠠᠶᠢᠭᠤᠯᠵᠠᠢ᠃ ᠰᠠᠭᠤᠷᠢᠨ ᠭᠠᠵᠠᠷ ᠨᠢ ᠪᠦᠬᠦ ᠤᠷᠤᠨ ᠤ ᠬᠡᠪᠴᠢᠶᠡᠨ ᠳᠤ ᠬᠢ ᠨᠡᠶᠢᠬᠡᠮ ᠤᠨ ᠠᠵᠢᠯ ᠤᠨ ᠴᠢᠳᠠᠪᠤᠷᠢᠳᠠᠨ ᠬᠦᠮᠦᠵᠢᠬᠦᠯᠬᠦ ᠪᠠ ᠨᠡᠶᠢᠬᠡᠮ ᠳᠤᠭᠤᠷᠢᠭ ᠤᠨ ᠰᠤᠳᠤᠯᠭᠠᠨ ᠬᠢᠳᠡᠭ ᠪᠠᠶᠢᠭᠤᠯᠤᠮᠵᠢ ᠪᠠᠶᠢᠵᠦ᠂ ᠨᠡᠶᠢᠬᠡᠮ ᠤᠨ ᠠᠵᠢᠯ ᠤᠨ ᠳᠤᠰᠬᠠᠢ ᠮᠡᠷᠭᠡᠵᠢᠯᠳᠡᠨ ᠬᠦᠮᠦᠵᠢᠬᠦᠯᠬᠦ᠂ ᠦᠨᠳᠦᠰᠦᠳᠡᠨ ᠤ ᠤᠷᠤᠨ ᠤ ᠨᠡᠶᠢᠬᠡᠮ ᠤᠨ ᠠᠵᠢᠯ ᠤᠨ ᠤᠨᠤᠯ ᠪᠠ ᠠᠷᠭ᠎ᠠ ᠶᠢ ᠰᠦᠪᠡᠭᠴᠢᠯᠡᠨ ᠰᠤᠳᠤᠯᠬᠤ ᠪᠠ ᠨᠡᠶᠢᠬᠡᠮ ᠤᠨ ᠠᠵᠢᠯ ᠤᠨ ᠰᠤᠳᠤᠯᠭᠠᠨ ᠤ ᠬᠦᠷᠢᠶ᠎ᠡ ᠬᠡᠪᠴᠢᠶ᠎ᠡ ᠶᠢ ᠦᠷᠭᠡᠳᠭᠡᠬᠦ ᠪᠠᠷ ᠭᠤᠤᠯ ᠵᠤᠷᠢᠯᠭ᠎ᠠ ᠪᠠᠨ ᠪᠤᠯᠭᠠᠵᠠᠢ᠃ ᠡᠨᠡ ᠬᠦ ᠰᠠᠭᠤᠷᠢᠨ ᠭᠠᠵᠠᠷ ᠨᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠪᠠᠶᠢᠭᠤᠯᠭ᠎ᠠ ᠪᠠ ᠶᠡᠭᠡ ᠳᠡᠭᠡᠳᠦ ᠰᠤᠷᠭᠠᠭᠤᠯᠢ ᠶᠢᠨ ᠬᠠᠮᠳᠤᠷᠠᠵᠦ ᠪᠠᠶᠢᠭᠤᠯᠤᠭᠰᠠᠨ ᠠᠩᠬᠠᠨ ᠤ ᠨᠡᠶᠢᠬᠡᠮ ᠤᠨ ᠠᠵᠢᠯ ᠤᠨ ᠴᠢᠳᠠᠪᠤᠷᠢᠳᠠᠨ ᠬᠦᠮᠦᠵᠢᠬᠦᠯᠬᠦ ᠪᠤᠯᠤᠨ ᠰᠤᠳᠤᠯᠭᠠᠨ ᠦᠷᠨᠢᠬᠦᠯᠬᠦ ᠰᠠᠭᠤᠷᠢᠨ ᠭᠠᠵᠠᠷ ᠪᠤᠯᠤᠨ᠎ᠠ᠃
      ᠰᠠᠭᠤᠷᠢᠨ ᠭᠠᠵᠠᠷ ᠪᠠᠶᠢᠭᠤᠯᠤᠭᠳᠠᠭᠰᠠᠨ ᠠᠴᠠ ᠢᠨᠠᠭᠰᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠪᠠᠢᠭᠤᠯᠭᠠ᠎ ᠨᠤᠭᠤᠳ ᠲᠤ 10 ᠭᠠᠷᠤᠢ ᠤᠳᠠᠭ᠎ᠠ 1000 ᠤᠷᠴᠢᠮ ᠬᠦᠮᠦᠰ ᠲᠤ ᠳᠤᠰᠬᠠᠢ ᠪᠤᠯᠪᠠᠰᠤᠷᠠᠯ ᠬᠦᠷᠳᠡᠭᠡᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠬᠡᠮ ᠤᠨ ᠠᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠳᠤ ᠴᠢᠬᠤᠯᠠ ᠦᠢᠯᠡᠳᠦᠯ ᠦᠵᠡᠬᠦᠯᠦᠭᠰᠡᠨ ᠶᠤᠮ᠃

ᠨᠦᠬᠦᠷᠯᠢᠭ ᠬᠤᠯᠪᠤᠭᠠᠰᠤ