  
ᠤᠷᠴᠢᠨ ᠲᠤᠭᠤᠷᠢᠨ ᠤ ᠵᠠᠰᠠᠯᠲᠠ ᠶᠢᠨ ᠰᠢᠰᠲ᠋ᠧᠮ ᠤᠨ ᠴᠤᠭᠴᠠᠯᠠᠯᠲᠠ ᠳ᠋ᠡᠬᠢ ᠨᠤᠲᠤᠭ ᠤᠨ ᠮᠡᠳᠡᠯᠭᠡ ᠶᠢᠨ ᠤᠷᠤᠯᠴᠠᠯᠭ᠎ᠠ ᠶᠢᠨ ᠮᠧᠺᠨᠢᠰᠡᠮ- ᠳᠠᠭ᠎ᠠ ᠶᠢᠨ ᠨᠠᠭᠤᠷ ᠤᠨ ᠵᠢᠱᠢᠶᠡᠨ ᠳ᠋ᠤ

      2018 ᠣᠨ ᠤ4 ᠰᠠᠷ᠎ᠠ ᠶᠢᠨ12 ᠤ ᠡᠳᠦᠷ ᠤᠨ ᠦᠳᠡ ᠶᠢᠨ ᠬᠤᠢᠨ᠎ᠠ ᠶᠢᠨ16:30 ᠡᠴᠡ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠬᠤᠢᠲᠤ ᠲᠣᠭᠣᠷᠢᠭ ᠤᠨ ᠶᠡᠷᠦᠩᠬᠡᠢᠯᠡᠭᠰᠡᠨ ᠠᠰᠠᠷ ᠤᠨ0201 ᠦᠷᠥᠭᠡ ᠳ᠋ᠤ ᠤᠭᠰᠠᠭᠠᠲᠠᠨ ᠵᠦᠢ ᠨᠡᠢᠭᠡᠮ ᠵᠦᠢ ᠶᠢᠨ ᠳᠡᠭᠡᠳᠦ ᠰᠤᠷᠭᠠᠭᠤᠯᠢ ᠶᠢᠨ  ᠳᠡᠳ᠋ ᠫᠷᠣᠹᠧᠰᠰᠤᠷ ᠪᠠᠭᠰᠢ ᠰᠤᠷᠤᠭᠴᠢ ᠨᠠᠷ ᠲᠤ ᠢᠯᠡᠳᠬᠡᠯ ᠬᠢᠵᠡᠢ᠃ ᠲᠤᠰ ᠢᠯᠡᠳᠬᠡᠯ ᠢ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠬᠢᠩᠭ᠋ᠠᠨ ᠪᠠᠭᠰᠢ ᠡᠷᠬᠢᠯᠡᠨ ᠶᠠᠪᠤᠭᠳᠠᠭᠤᠯᠵᠠᠢ᠃

       ᠲᠡᠷᠡ ᠪᠡᠷ ᠦᠪᠦᠷ ᠮᠤᠩᠭᠤᠯ ᠣᠷᠣᠨ ᠤ ᠨᠠᠭᠤᠷ ᠴᠦᠬᠦᠷᠥᠮ ᠳ᠋ᠤ ᠲᠤᠯᠭᠠᠷᠠᠵᠤ ᠪᠠᠢᠭ᠎ᠠ ᠣᠷᠴᠢᠨ ᠲᠣᠭᠣᠷᠢᠨ ᠪᠠ ᠬᠦᠭᠵᠢᠯᠲᠡ ᠶᠢᠨ ᠲᠠᠷᠤᠯᠲᠠ ᠶᠢᠨ ᠪᠠᠢᠳᠠᠯ ᠢ ᠵᠠᠳᠠᠯᠤᠨ ᠰᠢᠨᠵᠢᠵᠦ᠂ ᠳᠠᠭ᠎ᠠ ᠶᠢᠨ ᠨᠠᠭᠤᠷ ᠤᠨ ᠴᠢᠳᠬᠤᠯᠲᠠ ᠶᠢᠨ ᠬᠡᠮᠵᠢᠶ᠎ᠡ᠂ ᠤᠷᠤᠰᠬᠠᠯ ᠤᠨ ᠤᠷᠤᠨ ᠤ ᠬᠦᠮᠦᠨ ᠠᠮᠠ᠂ ᠲᠠᠷᠢᠶᠠᠯᠠᠬᠤ ᠭᠠᠵᠠᠷ ᠤᠨ ᠲᠠᠯᠠᠪᠠᠢ᠂ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠣᠷᠴᠢᠨ ᠲᠤᠭᠤᠷᠢᠨ ᠤ ᠲᠤᠬᠠᠢ ᠦᠭᠡ ᠶᠠᠷᠢᠶ᠎ᠠ ᠶᠢᠨ ᠬᠤᠪᠢᠷᠠᠯᠲᠠ ᠶᠢ ᠰᠢᠰᠲ᠋ᠧᠮ ᠲᠠᠢ ᠲᠠᠨᠢᠯᠣᠠᠭᠤᠯᠵᠠᠢ᠃ ᠲᠠᠬᠢᠨ ᠣᠷᠴᠢᠨ ᠲᠣᠭᠣᠷᠢᠨ ᠢ ᠬᠠᠮᠠᠭᠠᠯᠠᠬᠤ ᠳ᠋ᠤ ᠨᠤᠲᠤᠭ ᠤᠨ ᠮᠡᠳᠡᠯᠭᠡ ᠶᠢ ᠪᠠᠳᠠᠷᠠᠭᠤᠯᠬᠤ ᠶᠢ ᠳᠤᠷᠠᠳᠴᠤ᠂ ᠬᠡᠷᠬᠢᠨ ᠰᠤᠶᠤᠯ ᠢ ᠤᠷᠴᠢᠨ ᠲᠣᠭᠣᠷᠢᠨ ᠤ ᠵᠠᠰᠠᠯᠲᠠ ᠲᠠᠢ ᠤᠶᠠᠯᠳᠤᠭᠤᠯᠬᠤ ᠲᠤᠬᠠᠢ ᠲᠤᠷᠰᠢᠨ ᠦᠭᠦᠯᠡᠵᠦ᠂ ᠰᠢᠰᠲ᠋ᠧᠮ ᠲᠠᠢ ᠪᠦᠬᠦ ᠲᠠᠯ᠎ᠠ ᠶᠢᠨ ᠴᠢᠨᠠᠷᠲᠠᠢ ᠤᠷᠴᠢᠨ ᠲᠣᠭᠣᠷᠢᠨ ᠬᠠᠮᠠᠭᠠᠯᠠᠬᠤ ᠠᠷᠭᠠ᠎ ᠬᠡᠮᠵᠢᠶ᠎ᠡ ᠠᠪᠬᠤ ᠴᠢᠬᠤᠯᠠ ᠴᠢᠨᠠᠷ ᠢ ᠨᠣᠲᠠᠯᠠᠵᠠᠢ᠃

       ᠢᠯᠡᠳᠬᠡᠯ ᠤᠨ ᠡᠴᠦᠰ ᠲᠤ᠂ ᠬᠢᠩᠭ᠋ᠠᠨ ᠪᠠᠭᠰᠢ ᠳ᠋ᠦᠩᠨᠡᠯᠲᠡ ᠬᠢᠵᠦ᠂  ᠪᠠᠭᠰᠢ ᠪᠤᠯᠤᠨ ᠢᠯᠡᠳᠬᠡᠯ ᠰᠤᠨᠤᠰᠤᠭᠰᠠᠨ ᠪᠠᠭᠰᠢ ᠰᠤᠷᠤᠭᠴᠢᠳ ᠨᠤᠲᠤᠭ ᠤᠨ ᠮᠡᠳᠡᠯᠭᠡ ᠶᠢ ᠬᠡᠷᠬᠢᠨ ᠤᠯᠠᠮᠵᠢᠯᠠᠵᠤ᠂ ᠣᠷᠴᠢᠨ ᠲᠣᠭᠣᠷᠢᠨ ᠢ ᠬᠠᠮᠠᠭᠠᠯᠠᠬᠤ ᠲᠠᠢ ᠬᠡᠷᠬᠢᠨ ᠤᠶᠠᠯᠳᠤᠭᠤᠯᠬᠤ ᠲᠤᠬᠠᠢ ᠪᠤᠳᠤᠯ ᠢᠶᠡᠨ ᠰᠤᠯᠢᠯᠴᠠᠵᠠᠢ᠃

ᠨᠦᠬᠦᠷᠯᠢᠭ ᠬᠤᠯᠪᠤᠭᠠᠰᠤ