 
ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠡᠯᠪᠡᠷᠢ ᠶᠢᠨ ᠰᠣᠳᠣᠯᠬᠤ ᠰᠣᠷᠣᠭᠴᠢ ᠶᠢᠨ ᠨᠠᠮ ᠤᠨ ᠡᠭᠦᠷ ᠪᠠᠶᠢᠭᠤᠯᠣᠭᠳᠠᠭᠰᠠᠨ

ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠣᠷᠭᠠᠭᠤᠯᠢ ᠨᠢ 2019 ᠣᠨ ᠤ 10 ᠰᠠᠷ᠎ᠠ ᠶᠢᠨ 15 ᠤ 12 ᠴᠠᠭ 30 ᠮᠢᠨᠤᠲ ᠳᠤ ᠳᠡᠭᠡᠳᠦ ᠰᠤᠷᠭᠠᠭᠤᠯᠢ ᠶᠢᠨ ᠬᠤᠷᠠᠯ ᠤᠨ ᠭᠡᠷ ᠲᠤ ᠲᠣᠰᠬᠠᠢ ᠮᠡᠷᠭᠡᠵᠢᠯ ᠤᠨ ᠬᠡᠯᠪᠡᠷᠢ ᠶᠢᠨ ᠨᠠᠮ ᠤᠨ ᠡᠭᠦᠷ ᠢ ᠪᠠᠶᠢᠭᠤᠯᠬᠤ ᠬᠤᠷᠠᠯ ᠬᠢᠵᠠᠢ᠃ ᠦᠨᠳᠦᠰᠦᠨ ᠱᠠᠲᠣᠨ ᠤ ᠨᠠᠮ  ᠤᠨ ᠡᠭᠦᠷ ᠤᠨ ᠪᠠᠶᠢᠷᠢᠯᠠᠭᠤᠯᠣᠭᠰᠠᠨ ᠬᠠᠮᠢᠶ᠎ᠠ ᠪᠥᠬᠦᠢ ᠳᠥᠷᠢᠮ ᠳᠣᠭᠲᠠᠭᠠᠯ ᠬᠢᠭᠡᠳ ᠱᠠᠭᠠᠷᠳᠠᠯᠭ᠎ᠠ ᠶᠢ ᠦᠨᠳᠦᠰᠦᠯᠡᠪᠡᠯ᠂ ᠤᠤᠯ ᠤᠨ ᠰᠣᠳᠣᠯᠬᠤ ᠰᠣᠷᠣᠭᠴᠢ ᠶᠢᠨ ᠨᠠᠮ ᠤᠨ ᠡᠭᠦᠷ ᠤᠨ ᠬᠡᠰᠢᠭᠦᠨ ᠤ ᠬᠦᠮᠦᠨ ᠤ ᠲᠤᠭ᠎ᠠ ᠬᠡᠳᠦᠷᠡᠵᠡᠢ᠃ ᠮᠦᠨ ᠴᠦ ᠲᠣᠰᠬᠠᠢ ᠮᠡᠷᠭᠡᠵᠢᠯ ᠤᠨ ᠬᠡᠯᠪᠡᠷᠢ ᠶᠢᠨ ᠰᠣᠳᠣᠯᠬᠤ ᠰᠣᠷᠣᠭᠴᠢ ᠶᠢᠨ ᠣᠨᠴᠠᠯᠢᠭ ᠢ ᠪᠣᠳᠤᠯᠬᠢᠯᠠᠨ᠂ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠠᠴᠠ ᠲᠤᠰᠬᠠᠢ ᠮᠡᠷᠭᠡᠵᠢᠯ ᠤᠨ ᠬᠡᠯᠪᠡᠷᠢ ᠶᠢᠨ ᠰᠣᠳᠣᠯᠬᠤ ᠰᠣᠷᠣᠭᠴᠢ ᠶᠢᠨ ᠨᠠᠮ ᠤᠨ ᠡᠭᠦᠷ ᠢ ᠪᠠᠶᠢᠭᠤᠯᠬᠤ ᠪᠠᠷ ᠳᠣᠭᠲᠠᠵᠠᠢ᠃
ᠬᠤᠷᠠᠯ ᠢ ᠰᠦᠷᠲᠠᠢ ᠪᠠᠭᠰᠢ ᠡᠷᠬᠢᠯᠡᠵᠦ᠂ ᠠᠷᠠᠳᠴᠢᠯᠠᠯ ᠢᠶᠠᠷ ᠪᠢᠯᠧᠲ ᠥᠭᠴᠦ ᠠᠩᠬᠠᠳᠤᠭᠠᠷ ᠬᠤᠭᠤᠴᠠᠭᠠᠨ ᠤ ᠡᠭᠦᠷ ᠤᠨ ᠬᠡᠰᠢᠭᠦᠳ ᠤᠨ ᠬᠤᠷᠠᠯ ᠢ ᠰᠤᠩᠭᠤᠨ ᠭᠠᠷᠭᠠᠵᠠᠢ᠃ ᠰᠦᠷᠲᠠᠢ ᠪᠠᠭᠰᠢ ᠱᠦᠵᠢ ᠶᠢᠨ ᠲᠤᠰᠢᠶᠠᠯ ᠢ ᠬᠠᠷᠢᠭᠤᠴᠠᠵᠤ᠂ ᠯᠦᠸᠧ ᠶᠠᠩ ᠵᠣᠬᠢᠶᠠᠨ ᠪᠠᠶᠢᠭᠤᠯᠬᠤ ᠬᠡᠰᠢᠭᠦᠨ᠂ ᠯᠢᠦ ᠵᠢᠶᠠ ᠢ ᠤᠬᠠᠭᠤᠯᠬᠤ ᠬᠡᠰᠢᠭᠦᠨ ᠪᠠ ᠰᠠᠬᠢᠯᠭ᠎ᠠ ᠪᠠᠲᠤ ᠶᠢ ᠪᠠᠶᠢᠴᠠᠭᠠᠬᠤ ᠬᠡᠰᠢᠭᠦᠨ ᠤ ᠲᠣᠰᠢᠶᠠᠯ ᠢ ᠡᠭᠦᠷᠭᠡᠯᠡᠵᠡᠢ᠃
ᠳᠠᠷᠠᠭ᠎ᠠ ᠨᠢ ︽ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠣᠯ ᠰᠡᠳᠦᠪᠲᠦ ᠰᠤᠷᠭᠠᠨ ᠬᠦᠮᠦᠵᠢᠯ ᠢ ᠡᠷᠬᠢᠯᠡᠵᠦ᠂ ᠡᠷᠳᠡᠮ ᠰᠢᠨᠵᠢᠯᠡᠭᠡᠨ ᠤ ᠴᠢᠨᠠᠷ ᠤᠨ ᠰᠣᠳᠣᠯᠬᠤ ᠰᠣᠷᠣᠭᠴᠢ ᠶᠢᠨ ᠨᠠᠮ ᠤᠨ ᠡᠭᠦᠷ ᠤᠨ ᠱᠦᠵᠢ ᠶᠠᠨ ᠳ᠋ᠦᠩ ᠳ᠋ᠦᠩ ᠪᠠᠭᠰᠢ ᠶᠢ ᠤᠷᠢᠵᠤ ︽ᠳᠤᠮᠳᠠᠳᠣ ᠤᠯᠤᠰ ᠤᠨ ᠡᠪ ᠬᠠᠮᠲᠣ ᠨᠠᠮ ᠤᠨ ᠳᠥᠷᠢᠮ︾ ᠢ ᠲᠠᠶᠢᠯᠪᠣᠷᠢᠯᠠᠭᠤᠯᠤᠯᠵᠠᠢ᠃
ᠬᠤᠷᠠᠯ ᠲᠡᠭᠦᠰᠦᠭᠰᠡᠨ ᠤ ᠳᠠᠷᠠᠭ᠎ᠠ᠂ ᠠᠩᠬᠠᠳᠤᠭᠠᠷ ᠬᠤᠭᠤᠴᠠᠭᠠᠨ ᠤ ᠡᠭᠦᠷ ᠤᠨ ᠬᠡᠰᠢᠭᠦᠳ ᠠᠩᠬᠠᠳᠠᠭᠴᠢ ᠬᠤᠷᠠᠯ ᠢᠶᠠᠨ ᠬᠢᠵᠦ᠂ ᠳᠠᠷᠠᠭ᠎ᠠ ᠠᠯᠬᠤᠮ ᠤᠨ ᠠᠵᠢᠯ ᠤᠨ ᠢᠶᠠᠨ ᠲᠣᠬᠠᠢ ᠶᠠᠷᠢᠯᠴᠠᠵᠠᠢ᠃

ᠨᠦᠬᠦᠷᠯᠢᠭ ᠬᠤᠯᠪᠤᠭᠠᠰᠤ