  

ᠳᠡᠭᠡᠳᠦ ᠰᠤᠷᠭᠠᠭᠤᠯᠢ ᠶᠢᠨ ᠳᠤᠪᠴᠢ ᠳᠠᠨᠢᠯᠴᠠᠭᠤᠯᠭ᠎ᠠ

ᠤᠭᠰᠠᠭᠠᠳᠠᠨ ᠵᠦᠢ ᠨᠡᠶᠢᠬᠡᠮ ᠵᠦᠢ ᠶᠢᠨ ᠳᠡᠭᠡᠳᠦ ᠰᠤᠷᠭᠠᠭᠤᠯᠢ ᠨᠢ 2007 ᠤᠨ ᠳᠤ ᠪᠠᠶᠢᠭᠤᠯᠣᠭᠳᠠᠨ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠤᠶᠢᠲᠤ ᠳᠤᠭᠤᠷᠢᠭ ᠲᠤ ᠪᠠᠶᠢᠷᠢᠯᠠᠵᠣ ᠪᠤᠢ᠃ ᠤᠳᠤᠬᠠᠨ ᠳᠤ ᠪᠠᠨ ᠤᠭᠰᠠᠭᠠᠳᠠᠨ ᠵᠦᠢ ᠶᠢᠨ ᠰᠠᠯᠪᠤᠷᠢ᠂ ᠨᠡᠶᠢᠬᠡᠮ ᠵᠦᠢ ᠶᠢᠨ ᠰᠠᠯᠪᠤᠷᠢ ᠪᠤᠯᠤᠨ ᠨᠡᠶᠢᠬᠡᠮ ᠤᠨ ᠠᠵᠢᠯ ᠤᠨ ᠤᠬᠠᠭᠠᠨ ᠤ ᠰᠠᠯᠪᠤᠷᠢ ᠬᠡᠮᠡᠬᠦ ᠭᠤᠷᠪᠠᠨ ᠰᠠᠯᠪᠤᠷᠢ ᠲᠠᠢ ᠪᠠᠶᠢᠵᠦ᠂ ᠤᠭᠰᠠᠭᠠᠳᠠᠨ ᠵᠦᠢ᠂ ᠨᠡᠶᠢᠬᠡᠮ ᠵᠦᠢ ᠪᠠ ᠨᠡᠶᠢᠬᠡᠮ ᠤᠨ ᠠᠵᠢᠯ ᠬᠡᠮᠡᠬᠦ ᠭᠤᠷᠪᠠᠨ ᠳᠤᠰᠬᠠᠢ ᠮᠡᠷᠭᠡᠵᠢᠯ ᠲᠠᠢ᠃ ᠤᠭᠰᠠᠭᠠᠳᠠᠨ ᠵᠦᠢ ᠶᠢᠨ ᠰᠢᠨᠵᠢᠯᠡᠬᠦ ᠤᠬᠠᠭᠠᠨ ᠤ ᠰᠠᠯᠪᠤᠷᠢ ᠨᠢ ᠨᠢᠭᠡᠳᠦᠭᠡᠷ ᠳᠡᠰ ᠤᠨ ᠳ᠋ᠤᠺᠲ᠋ᠤᠷ᠂ ᠮᠠᠰᠲ᠋ᠧᠷ ᠵᠡᠷᠭᠡ ᠶᠢᠨ ᠡᠷᠳᠡᠮ ᠤᠨ ᠴᠤᠯᠠ ᠣᠯᠭᠤᠬᠤ ᠬᠢᠷᠢ ᠬᠡᠮ ᠲᠠᠢ᠂ ᠨᠡᠶᠢᠬᠡᠮ ᠵᠦᠢ ᠶᠢᠨ ᠰᠠᠯᠪᠤᠷᠢ ᠨᠢ ᠦᠨᠳᠦᠰᠦᠲᠡᠨ ᠤ ᠨᠡᠢᠭᠡᠮ ᠵᠦᠢ ᠶᠢᠨ ᠰᠢᠨᠵᠢᠯᠡᠬᠦ ᠤᠬᠠᠭᠠᠨ ᠤ ᠰᠠᠯᠪᠤᠷᠢ ᠶᠢᠨ ᠮᠠᠰᠲ᠋ᠧᠷ ᠵᠡᠷᠭᠡ ᠶᠢᠨ ᠡᠷᠳᠡᠮ ᠤᠨ ᠴᠤᠯᠠ ᠣᠯᠭᠤᠬᠤ ᠬᠢᠷᠢ ᠬᠡᠮ ᠲᠠᠢ᠂ 2015 ᠤᠨ ᠠᠴᠠ ᠡᠬᠢᠯᠡᠨ ᠨᠡᠶᠢᠬᠡᠮ ᠤᠨ ᠠᠵᠢᠯ ᠤᠨ ᠳᠤᠰᠬᠠᠢ ᠮᠡᠷᠭᠡᠵᠢᠯ ᠤᠨ ᠠᠰᠫᠢᠷᠠᠨᠲ (MSW) ᠡᠯᠰᠡᠵᠦ ᠡᠬᠢᠯᠡᠵᠡᠢ᠃
ᠳᠡᠭᠡᠳᠦ ᠰᠤᠷᠭᠠᠭᠤᠯᠢ ᠳᠤ ᠤᠳᠤᠬᠠᠨ ᠳᠤ ᠪᠠᠨ ᠪᠠᠭᠰᠢ ᠠᠵᠢᠯᠳᠠᠨ ᠨᠡᠶᠢᠳᠡ 36 ᠪᠠᠶᠢᠵᠦ᠂ ᠡᠬᠦᠨ ᠤ ᠳᠤᠳᠤᠷ᠎ᠠ ᠵᠢᠭᠠᠨ ᠰᠤᠷᠭᠠᠯᠲᠠ ᠶᠢᠨ ᠪᠠᠭᠰᠢ 33 ᠨᠡᠷᠡᠰ ᠪᠠ ᠬᠠᠮᠢᠶᠠᠷᠤᠯᠳᠠ ᠶᠢᠨ ᠪᠤᠯᠤᠨ ᠵᠢᠭᠠᠨ ᠰᠤᠷᠭᠠᠯᠳᠠ ᠶᠢᠨ ᠳᠤᠰᠠᠯᠠᠬᠤ ᠠᠵᠢᠯᠳᠠᠨ 6 ᠪᠤᠢ᠃ ᠫᠷᠤᠹᠧᠰᠰᠤᠷ ᠤᠨ ᠴᠤᠯᠠ ᠲᠠᠢ 5 ᠬᠦᠮᠦᠨ᠂ ᠳᠡᠳ᠋ ᠫᠷᠤᠹᠧᠰᠰᠤᠷ ᠤᠨ ᠴᠤᠯᠠ ᠲᠠᠢ 10 ᠬᠦᠮᠦᠨ᠂ ᠯᠧᠺᠲ᠋ᠤᠷ 17 ᠬᠦᠮᠦᠨ ᠪᠠᠶᠢᠨ᠎ᠠ᠃ ᠵᠢᠭᠠᠨ ᠰᠤᠷᠭᠠᠯᠲᠠ ᠶᠢᠨ ᠪᠠᠭᠰᠢ ᠶᠢᠨ ᠳᠤᠳᠤᠷ᠎ᠠ ᠳ᠋ᠤᠺᠲ᠋ᠤᠷ ᠴᠤᠯᠠ ᠬᠠᠮᠠᠭᠠᠯᠠᠭᠰᠠᠨᠳ 31 ᠬᠦᠮᠦᠨ ᠪᠠᠶᠢᠵᠤ᠂ ᠪᠦᠬᠦ ᠵᠢᠭᠠᠨ ᠰᠤᠷᠭᠠᠯᠲᠠ ᠶᠢᠨ ᠪᠠᠭᠰᠢ ᠶᠢᠨ 93.93% ᠶᠢ ᠡᠵᠡᠯᠡᠨ᠎ᠡ᠂ ᠳ᠋ᠤᠺᠲ᠋ᠤᠷᠠᠨᠲ ᠢᠶᠠᠷ ᠰᠤᠷᠴᠦ ᠪᠠᠶᠢᠭ᠎ᠠ 1 ᠬᠥᠮᠥᠨ ᠪᠤᠢ᠃ ᠤᠯᠤᠰ ᠤᠨ ᠳᠤᠳᠤᠭᠠᠳᠤ ᠠᠴᠠ ᠳᠡᠬᠦᠰᠦᠭᠰᠡᠨ ᠪᠠᠭᠰᠢ 25 ᠪᠠᠶᠢᠵᠦ᠂ ᠡᠬᠦᠨ ᠤ ᠳᠤᠳᠤᠷ᠎ᠠ ᠪᠠᠨ ᠦᠪᠦᠷ ᠮᠤᠩᠭᠤᠯ ᠤᠨ ᠶᠡᠭᠡ ᠰᠤᠷᠭᠠᠭᠤᠯᠢ ᠠᠴᠠ ᠪᠤᠰᠤᠳ ᠶᠡᠭᠡ ᠳᠡᠭᠡᠳᠦ ᠰᠤᠷᠭᠠᠭᠤᠯᠢ ᠠᠴᠠ ᠳᠡᠬᠦᠰᠦᠭᠰᠡᠳ 17 ᠪᠤᠢ᠂ ᠤᠯᠤᠰ ᠤᠨ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ 8 ᠬᠦᠮᠦᠨ ᠪᠠᠶᠢᠵᠦ᠂ ᠬᠠᠷᠢ ᠬᠦᠷᠦᠨ ᠳᠤ ᠰᠤᠷᠤᠯᠴᠠᠵᠦ ᠳᠡᠬᠦᠰᠦᠭᠰᠡᠨ ᠪᠤᠶᠤ ᠡᠷᠳᠡᠮ ᠰᠢᠨᠵᠢᠯᠡᠭᠡᠨ ᠤ ᠰᠤᠯᠢᠯᠴᠠᠭ᠎ᠠ ᠬᠢᠭᠰᠡᠨ ᠪᠠᠭᠰᠢ 20 ᠪᠠᠶᠢᠨ᠎ᠠ᠃
ᠳᠡᠭᠡᠳᠦ ᠰᠤᠷᠭᠠᠭᠤᠯᠢ ᠳᠤ ᠪᠦᠬᠦᠯᠢ ᠡᠳᠦᠷ ᠤᠨ ᠳᠦᠷᠢᠮᠳᠦ ᠶᠡᠭᠡ ᠰᠤᠷᠭᠠᠭᠤᠯᠢ ᠶᠢᠨ ᠦᠨᠳᠦᠰᠦᠨ ᠠᠩᠭᠢ ᠶᠢᠨ ᠤᠶᠤᠳᠠᠨ 486᠂ ᠠᠰᠫᠢᠷᠠᠨᠲ 176 ᠬᠦᠮᠦᠨ ( ᠳᠤᠰᠬᠠᠢ ᠮᠡᠷᠭᠡᠵᠢᠯ ᠤᠨ ᠠᠰᠫᠢᠷᠠᠨᠲ 98 ᠬᠦᠮᠦᠨ )᠂ ᠳ᠋ᠤᠺᠲ᠋ᠤᠷᠠᠨᠲ 29 ᠬᠦᠮᠦᠨ᠂ ᠭᠠᠳᠠᠭᠠᠳᠤ ᠶᠢᠨ ᠤᠶᠤᠳᠠᠨ 9 ᠪᠠᠶᠢᠨ᠎ᠠ᠃ ᠨᠡᠶᠢᠬᠡᠮ ᠵᠦᠢ ( ᠨᠡᠶᠢᠬᠡᠮ ᠤᠨ ᠬᠠᠮᠢᠶᠠᠷᠤᠯᠳᠠ ᠶᠢᠨ ᠴᠢᠭᠯᠡᠯ ᠤᠨ ) ᠶᠢᠨ ᠬᠤᠤᠰ ᠴᠤᠯᠠ ᠬᠠᠮᠠᠭᠠᠯᠠᠬᠤ ᠦᠨᠳᠦᠰᠦᠨ ᠠᠩᠭᠢ ᠶᠢᠨ ᠤᠶᠤᠳᠠᠨ 22 ᠪᠠᠶᠢᠨ᠎ᠠ᠃
ᠰᠤᠳᠤᠯᠭᠠᠨ ᠤ ᠪᠠᠶᠢᠭᠤᠯᠤᠮᠵᠢ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠬᠡᠮ ᠤᠨ ᠠᠵᠢᠯ ᠤᠨ ᠴᠢᠳᠠᠪᠤᠷᠢᠳᠠᠨ ᠬᠦᠮᠦᠵᠢᠬᠦᠯᠬᠦ ᠪᠣᠯᠣᠨ ᠰᠤᠳᠤᠯᠭᠠᠨ ᠤ ᠰᠠᠭᠤᠷᠢᠨ ᠭᠠᠵᠠᠷ᠂ ᠬᠦᠭᠡᠬᠤᠳᠠ ᠶᠢᠨ ᠨᠡᠶᠢᠬᠡᠮ ᠳᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠤᠨᠤᠯ ᠤᠨ ᠰᠤᠳᠤᠯᠭᠠᠨ ᠤ ᠰᠠᠭᠤᠷᠢᠨ ᠭᠠᠵᠠᠷ ᠵᠡᠷᠭᠡ ᠪᠤᠢ᠃ ᠪᠠᠰᠠ ᠬᠠᠷᠠᠭᠠᠨ ᠰᠡᠷᠡᠯ ᠤᠨ ᠬᠦᠮᠦᠨ ᠰᠤᠳᠤᠯᠤᠯ ᠤᠨ ᠳᠤᠷᠰᠢᠯᠳᠠ ᠶᠢᠨ ᠲᠠᠰᠤᠭ᠂ ᠨᠡᠶᠢᠬᠡᠮ ᠤᠨ ᠠᠵᠢᠯ ᠤᠨ ᠳᠤᠷᠰᠢᠯᠳᠠ ᠶᠢᠨ ᠲᠠᠰᠤᠭ ( ᠮᠤᠵᠢ ᠶᠠᠮᠤᠨ ᠤ ᠬᠠᠮᠳᠤᠷᠠᠨ ᠪᠠᠶᠢᠭᠤᠯᠤᠭᠰᠠᠨ )᠂ ᠦᠨᠳᠦᠰᠦᠳᠡᠨ ᠤ ᠰᠡᠳᠬᠢᠴᠡ ᠶᠢᠨ ᠳᠤᠷᠰᠢᠯᠳᠠ ᠶᠢᠨ ᠲᠠᠰᠤᠭ ᠵᠡᠷᠭᠡ ᠭᠤᠷᠪᠠᠨ ᠳᠤᠷᠰᠢᠯᠳᠠ ᠶᠢᠨ ᠲᠠᠰᠤᠭ ᠲᠠᠢ ᠪᠠᠶᠢᠵᠦ᠂ ᠡᠬᠦᠨ ᠠᠴᠠ ᠭᠠᠳᠠᠨ᠎ᠠ ᠪᠠᠰᠠ ᠨᠡᠯᠢᠶᠡᠳ ᠤᠯᠠᠨ ᠦᠢᠯᠡᠳᠦᠯᠭᠡ ᠪᠠ ᠰᠤᠷᠭᠠᠨ ᠬᠦᠮᠦᠵᠢᠯ ᠤᠨ ᠰᠠᠭᠤᠷᠢᠨ ᠭᠠᠵᠠᠷ ᠲᠠᠢ᠃ ᠳᠡᠭᠡᠳᠦ ᠰᠤᠷᠭᠠᠭᠤᠯᠢ ᠳᠤ ᠪᠠᠰᠠ ᠦᠨᠳᠦᠰᠦᠳᠡᠨ ᠤ ᠮᠦᠽᠸᠢ ( ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠬᠡ ᠤᠷᠤᠨᠴᠢ ᠦᠵᠡᠯ ᠢ ᠬᠦᠮᠦᠵᠢᠬᠦᠯᠬᠦ ᠰᠠᠭᠤᠷᠢᠨ ᠭᠠᠵᠠᠷ ) ᠪᠠ 8000 ᠳᠡᠪᠳᠡᠷ ᠤᠨ ᠬᠠᠳᠠᠭᠠᠯᠠᠮᠵᠢ ᠪᠦᠬᠦᠢ ᠮᠠᠲ᠋ᠧᠷᠢᠶᠠᠯ ᠤᠨ ᠲᠠᠰᠤᠭ ᠲᠠᠢ᠃
ᠳᠡᠭᠡᠳᠦ ᠰᠤᠷᠭᠠᠭᠤᠯᠢ ᠨᠢ ᠤᠳᠤᠬᠠᠨ ᠳᠤ ᠪᠠᠨ ᠤᠷᠤᠨ ᠤ ᠳᠡᠰ ᠤᠨ ᠨᠡᠷᠡᠳᠦ ᠳᠤᠰᠬᠠᠢ ᠮᠡᠷᠭᠡᠵᠢᠯ ——《ᠤᠭᠰᠠᠭᠠᠳᠠᠨ ᠵᠦᠢ》 ᠪᠠ ᠰᠢᠯᠢᠳᠡᠭ ᠬᠢᠴᠢᠶᠡᠯ ——《ᠠᠮᠢ ᠠᠬᠤᠢ ᠶᠢᠨ ᠬᠦᠮᠦᠨ ᠰᠤᠳᠤᠯᠤᠯ》 ᠲᠠᠢ ᠪᠠᠶᠢᠵᠦ᠂ ᠪᠠᠰᠠ 2 ᠰᠤᠷᠭᠠᠭᠤᠯᠢ ᠶᠢᠨ ᠳᠡᠰ ᠤᠨ ᠵᠢᠭᠠᠨ ᠰᠤᠷᠭᠠᠯᠳᠠ ᠶᠢᠨ ᠰᠢᠯᠢᠳᠡᠭ ᠬᠠᠮᠳᠤ ᠨᠢᠭᠡᠴᠡ ᠶᠢ ᠵᠤᠬᠢᠶᠠᠨ ᠪᠠᠶᠢᠭᠤᠯᠵᠠᠢ᠃ ᠳᠡᠭᠡᠳᠦ ᠰᠤᠷᠭᠠᠭᠤᠯᠢ ᠨᠢ ᠤᠷᠢᠳ ᠬᠤᠵᠢᠳ ᠠᠩᠭ᠍ᠯᠢ ᠶᠢᠨ ᠺᠠᠮᠪᠤᠷᠢᠵᠢ ᠶᠡᠭᠡ ᠰᠤᠷᠭᠠᠭᠤᠯᠢ᠂ ᠮᠤᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠰᠢᠶᠠᠮᠧᠨ ᠶᠡᠭᠡ ᠰᠤᠷᠭᠠᠭᠤᠯᠢ᠂ ᠯᠠᠨᠵᠸᠤ ᠶᠡᠭᠡ ᠰᠤᠷᠭᠠᠭᠤᠯᠢ᠂ ᠳᠦᠪ ᠤᠨ ᠦᠨᠳᠦᠰᠦᠳᠡᠨ ᠤ ᠶᠡᠭᠡ ᠰᠤᠷᠭᠠᠭᠤᠯᠢ ᠵᠡᠷᠭᠡ ᠤᠯᠤᠰ ᠤᠨ ᠳᠤᠳᠤᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠲᠠᠢ ᠬᠠᠮᠳᠤᠷᠠᠯᠴᠠᠭᠠᠨ ᠤ ᠬᠤᠯᠪᠤᠭ᠎ᠠ ᠪᠠᠶᠢᠭᠤᠯᠵᠠᠢ᠃

ᠨᠦᠬᠦᠷᠯᠢᠭ ᠬᠤᠯᠪᠤᠭᠠᠰᠤ